ᠢᠷᠠᠭᠤ ᠨᠠᠶᠢᠷᠠᠭ ᠤᠨ ᠴᠠᠬᠢᠮ ᠤᠷᠤᠯᠳᠤᠭᠠᠨ ᠵᠠᠷᠯᠠᠵᠠᠢ  | News.MN

ᠢᠷᠠᠭᠤ ᠨᠠᠶᠢᠷᠠᠭ ᠤᠨ ᠴᠠᠬᠢᠮ ᠤᠷᠤᠯᠳᠤᠭᠠᠨ ᠵᠠᠷᠯᠠᠵᠠᠢ 

ᠥᠪᠦᠷᠬᠠᠩᠭᠠᠢ ᠠᠶᠢᠮᠠᠭ ᠤᠨ ᠨᠡᠶᠢᠭᠡᠮ ᠤᠨ ᠠᠷᠠᠳᠴᠢᠯᠠᠯ ᠮᠣᠩᠭᠣᠯ ᠤᠨ ᠣᠶᠤᠲᠠᠨ ᠤ ᠬᠣᠯᠪᠣᠭᠠᠨ ᠠᠴᠠ ︽ᠡᠷᠡᠭᠦᠯ ᠮᠣᠩᠭᠣᠯ ᠬᠦᠮᠦᠨ- ᠡᠬᠡ ᠣᠷᠣᠨ ᠤ ᠲᠤᠰᠠᠭᠠᠷ ᠲᠣᠭᠲᠠᠨᠢᠯ︾ ᠰᠡᠳᠦᠪᠲᠦ ᠢᠷᠠᠭᠤ ᠨᠠᠶᠢᠷᠠᠭ ᠤᠨ ᠴᠠᠬᠢᠮ ᠤᠷᠤᠯᠳᠤᠭᠠᠨ ᠢ ᠵᠠᠷᠯᠠᠭᠰᠠᠨ ᠪᠠᠶᠢᠨ᠎ᠠ᠃
ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠭᠰᠡᠨ ᠦ ᠪᠠᠶᠠᠷ ᠤᠨ ᠡᠳᠦᠷ ᠢ ᠲᠣᠬᠢᠶᠠᠯᠳᠤᠭᠤᠯᠤᠨ᠃ ᠥᠪᠦᠷᠬᠠᠩᠭᠠᠢ ᠠᠶᠢᠮᠠᠭ ᠤᠨ ᠰᠢᠯᠦᠭ ᠢᠷᠠᠭᠤ ᠨᠠᠶᠢᠷᠠᠭ ᠰᠣᠨᠢᠷᠬᠠᠭᠴᠢᠳ ᠤᠨ ᠠᠪᠢᠶᠠᠰ ᠤᠷ᠎ᠠ ᠴᠢᠳᠠᠪᠤᠷᠢ ᠶᠢ ᠨᠡᠮᠡᠭᠳᠡᠭᠦᠯᠬᠦ᠂ ᠲᠡᠳᠡᠨ ᠦ ᠪᠦᠲᠦᠭᠡᠯ ᠢ ᠣᠯᠠᠨ ᠨᠡᠶᠢᠲᠡ ᠳᠦ ᠰᠤᠷᠲᠠᠯᠴᠢᠯᠠᠨ ᠲᠠᠨᠢᠭᠤᠯᠬᠤ ᠵᠣᠷᠢᠯᠭ᠎ᠠ ᠪᠠᠷ ᠵᠠᠷᠯᠠᠭᠰᠠᠨ ᠤᠭ ᠤᠷᠤᠯᠳᠤᠭᠠᠨ ᠢ ᠴᠠᠬᠢᠮ ᠬᠡᠯᠪᠡᠷᠢ ᠪᠡᠷ ᠶᠠᠪᠤᠭᠤᠯᠬᠤ ᠪᠥᠭᠡᠳ ᠣᠷᠣᠯᠴᠠᠭᠴᠢᠳ ᠥᠪᠡᠷ ᠦᠨ ᠪᠦᠲᠦᠭᠡᠯ ᠢᠶᠡᠨ ᠤᠷᠠᠨ ᠢᠷᠠᠭᠤ ᠤᠩᠰᠢᠭᠰᠠᠨ ᠪᠢᠴᠢᠯᠭᠡ ᠪᠡᠨ ᠵᠣᠬᠢᠶᠠᠨ ᠪᠠᠶᠢᠭᠤᠯᠤᠭᠴᠢᠳ ᠲᠤ ᠢᠷᠡᠭᠦᠯᠬᠦ ᠶᠤᠮ᠃ ᠮᠥᠨ ᠪᠦᠲᠦᠭᠡᠯ ᠢ ᠴᠠᠬᠢᠮ ᠰᠦᠯᠵᠢᠶᠡᠨ ᠳᠦ ᠨᠡᠶᠢᠲᠡᠯᠡᠵᠦ᠂ ᠢᠷᠭᠡᠳ ᠦᠨ ᠬᠠᠨᠳᠤᠯᠲᠠ᠂ ᠮᠡᠷᠭᠡᠵᠢᠯ ᠦᠨ ᠪᠠᠭ ᠤᠨ ᠣᠨᠣᠭ᠎ᠠ ᠪᠠᠷ ᠰᠢᠭᠦᠨ ᠰᠢᠯᠭᠠᠷᠠᠭᠤᠯᠤᠨ᠎ᠠ᠃ ᠣᠳᠣ ᠪᠠᠷ ᠤᠷᠤᠯᠳᠤᠭᠠᠨ ᠳᠤ 10 ᠍ ᠊ᠭᠠᠳ ᠢᠷᠠᠭᠤ ᠨᠠᠶᠢᠷᠠᠭᠴᠢ ᠪᠦᠲᠦᠭᠡᠯ ᠢᠶᠡᠨ ᠢᠷᠡᠭᠦᠯᠦᠭᠡᠳ ᠪᠠᠶᠢᠨ᠎ᠠ᠃

ᠰᠡᠳᠬᠢᠭᠳᠡᠯ ᠦᠯᠡᠳᠡᠭᠡᠬᠦ