ᠮᠣᠩᠭᠣᠯ ᠂ ᠧᠦ᠋ᠷᠣᠫᠠ ᠶᠢᠨ ᠬᠣᠯᠪᠣᠭ᠎ᠠ ᠬᠣᠭᠣᠷᠣᠨᠳᠣ ᠶᠢᠨ ᠶᠠᠷᠢᠶ᠎ᠠ ᠬᠡᠯᠡᠯᠴᠡᠭᠡ ᠪᠣᠯᠪᠠ  | News.MN

ᠮᠣᠩᠭᠣᠯ ᠂ ᠧᠦ᠋ᠷᠣᠫᠠ ᠶᠢᠨ ᠬᠣᠯᠪᠣᠭ᠎ᠠ ᠬᠣᠭᠣᠷᠣᠨᠳᠣ ᠶᠢᠨ ᠶᠠᠷᠢᠶ᠎ᠠ ᠬᠡᠯᠡᠯᠴᠡᠭᠡ ᠪᠣᠯᠪᠠ 

ᠮᠣᠩᠭᠣᠯ ᠤᠯᠤᠰ᠂ ᠧᠦ᠋ᠷᠣᠫᠠ ᠶᠢᠨ ᠬᠣᠯᠪᠣᠭ᠎ᠠ ᠬᠣᠭᠣᠷᠣᠨᠳᠣ ᠶᠢᠨ ᠬᠦᠮᠦᠨ ᠦ ᠡᠷᠬᠡ ᠶᠢᠨ ᠠᠰᠠᠭᠤᠳᠠᠯ ᠤᠨ ᠡᠭᠡᠯᠵᠢᠲᠦ ᠳᠦᠷᠪᠡᠳᠡᠬᠢ ᠤᠳᠠᠭ᠎ᠠ ᠶᠢᠨ ᠶᠠᠷᠢᠶ᠎ᠠ ᠬᠡᠯᠡᠯᠴᠡᠭᠡ 2020 ᠣᠨ ᠤ 11 ᠳ᠋ᠦ᠋ᠭᠡᠷ ᠰᠠᠷ᠎ᠠ ᠶᠢᠨ 25 ᠍ ᠤ ᠡᠳᠦᠷ ᠴᠠᠬᠢᠮ ᠬᠡᠯᠪᠡᠷᠢ ᠪᠡᠷ ᠪᠣᠯᠪᠠ᠃
ᠬᠣᠶᠠᠷ ᠲᠠᠯ᠎ᠠ ᠡᠨᠡ ᠤᠳᠠᠭ᠎ᠠ ᠶᠢᠨ ᠶᠠᠷᠢᠶ᠎ᠠ ᠬᠡᠯᠡᠯᠴᠡᠭᠡ ᠪᠡᠷ ᠡᠮᠦᠨᠡᠬᠢ ᠬᠤᠷᠠᠯᠳᠤᠭᠠᠨ ᠠᠴᠠ ᠬᠣᠶᠢᠰᠢ ᠬᠦᠮᠦᠨ ᠦ ᠡᠷᠬᠡ ᠶᠢᠨ ᠴᠢᠭᠯᠡᠯ ᠢᠶᠡᠷ ᠭᠠᠷᠤᠭᠰᠠᠨ ᠠᠬᠢᠴᠠ ᠳᠡᠪᠰᠢᠯ᠂ ᠧᠦ᠋ᠷᠣᠫᠠ ᠶᠢᠨ ᠬᠤᠯᠪᠤᠭᠠᠨ ᠤ ᠬᠥᠩᠭᠡᠯᠡᠯᠲᠡ ᠶᠢᠨ ᠶᠡᠷᠦᠩᠬᠡᠢ ᠰᠢᠰᠲ᠋ᠧᠮ︵GSP+︶ᠬᠥᠲᠥᠯᠪᠦᠷᠢ ᠳᠦ ᠬᠠᠮᠤᠷᠤᠭᠳᠠᠬᠤ ᠦᠨᠳᠦᠰᠦᠨ ᠰᠢᠯᠭᠠᠭᠤᠷ ᠪᠣᠯᠬᠤ ᠬᠦᠮᠦᠨ ᠦ ᠡᠷᠬᠡ᠂ ᠬᠦᠳᠡᠯᠮᠦᠷᠢᠯᠡᠬᠦ ᠡᠷᠬᠡ ᠪᠣᠯᠤᠨ ᠰᠠᠶᠢᠨ ᠵᠠᠰᠠᠭᠯᠠᠯ ᠤᠨ ᠰᠠᠭᠤᠷᠢ ᠺᠤᠨᠤᠸ᠋ᠸᠨᠼ  ᠤᠳ ᠤᠨ ᠬᠡᠷᠡᠭᠵᠢᠯᠲᠡ᠂ ᠡᠭᠦᠨ ᠦ ᠳᠣᠲᠣᠷ᠎ᠠ ᠰᠢᠭᠦᠬᠦ ᠶᠢᠨ ᠪᠡᠶ᠎ᠡ ᠳᠠᠭᠠᠭᠠᠭᠰᠠᠨ᠂ ᠬᠠᠷᠠᠭᠠᠲᠤ ᠪᠤᠰᠤ ᠪᠠᠶᠢᠳᠠᠯ᠂ ᠦᠭᠡ ᠬᠡᠯᠡᠬᠦ᠂ ᠵᠢᠭᠰᠠᠭᠠᠯ ᠴᠤᠭᠯᠠᠭᠠᠨ ᠬᠢᠬᠦ᠂ ᠱᠠᠰᠢᠨ ᠰᠢᠲᠦᠬᠦ᠂ ᠡᠰᠡ ᠰᠢᠲᠦᠬᠦ ᠡᠷᠬᠡ ᠴᠢᠯᠦᠭᠡ᠂ ᠬᠦᠮᠦᠨ ᠦ ᠡᠷᠬᠡ ᠶᠢ ᠬᠠᠮᠠᠭᠠᠯᠠᠭᠴᠢᠳ᠂ ᠬᠡᠦᠬᠡᠳ ᠦᠨ ᠡᠷᠬᠡ᠂ ᠬᠥᠭᠵᠢᠯ ᠦᠨ ᠪᠡᠷᠬᠡᠰᠢᠶᠡᠯ ᠲᠡᠢ ᠬᠦᠮᠦᠨ ᠦ ᠡᠷᠬᠡ ᠶᠢ ᠬᠠᠩᠭᠠᠬᠤ᠂ ᠡᠷᠡᠭᠦᠳᠡᠨ ᠰᠢᠭᠦᠬᠦ᠂ ᠢᠯᠭᠠᠪᠤᠷᠢᠯᠠᠨ ᠭᠠᠳᠠᠭᠤᠷᠬᠠᠬᠤ ᠲᠠᠢ ᠲᠡᠮᠡᠴᠡᠬᠦ ᠴᠢᠭᠯᠡᠯ ᠢᠶᠡᠷ ᠬᠡᠷᠡᠭᠵᠢᠭᠦᠯᠵᠦ ᠪᠤᠢ ᠪᠣᠳᠣᠯᠭ᠎ᠠ᠂ ᠦᠢᠯᠡ ᠠᠵᠢᠯᠯᠠᠭ᠎ᠠ᠂ ᠪᠢᠽᠢᠨᠧᠰ ᠦᠨ ᠦᠢᠯᠡ ᠠᠵᠢᠯᠯᠠᠭᠠᠨ ᠳᠤ ᠬᠦᠮᠦᠨ ᠦ ᠡᠷᠬᠡ ᠳᠦ ᠰᠠᠭᠤᠷᠢᠯᠠᠭᠰᠠᠨ ᠬᠠᠨᠳᠤᠯᠭ᠎ᠠ ᠶᠢ ᠲᠥᠯᠦᠪᠰᠢᠭᠦᠯᠬᠦ᠂ ᠺᠤᠸᠢᠳ᠋-19 ᠴᠠᠷ᠎ᠠ ᠲᠠᠬᠤᠯ ᠤᠨ ᠬᠦᠮᠦᠨ ᠦ ᠡᠷᠬᠡ ᠳᠦ ᠦᠵᠡᠭᠦᠯᠵᠦ ᠪᠤᠢ ᠨᠥᠯᠥᠭᠡᠯᠡᠯ᠂ ᠲᠡᠭᠦᠨ ᠢ ᠬᠡᠷᠬᠢᠨ ᠳᠠᠪᠠᠨ ᠲᠤᠭᠤᠯᠬᠤ ᠵᠡᠷᠭᠡ ᠥᠷᠭᠡᠨ ᠬᠦᠷᠢᠶ᠎ᠡ ᠲᠡᠢ ᠠᠰᠠᠭᠤᠳᠠᠯ ᠢᠶᠠᠷ ᠬᠡᠯᠡᠯᠴᠡᠪᠡ᠃

ᠰᠡᠳᠬᠢᠭᠳᠡᠯ ᠦᠯᠡᠳᠡᠭᠡᠬᠦ