ᠮᠣᠩᠭᠣᠯ᠂ ᠬᠠᠰᠠᠭᠰᠲ᠋ᠠᠨ ᠤ ᠵᠠᠰᠠᠭ ᠤᠨ ᠭᠠᠵᠠᠷ ᠬᠣᠭᠣᠷᠣᠨᠳᠣ ᠶᠢᠨ ᠺᠣᠮᠢᠰ ᠬᠤᠷᠠᠯᠳᠤᠪᠠ  | News.MN

ᠮᠣᠩᠭᠣᠯ᠂ ᠬᠠᠰᠠᠭᠰᠲ᠋ᠠᠨ ᠤ ᠵᠠᠰᠠᠭ ᠤᠨ ᠭᠠᠵᠠᠷ ᠬᠣᠭᠣᠷᠣᠨᠳᠣ ᠶᠢᠨ ᠺᠣᠮᠢᠰ ᠬᠤᠷᠠᠯᠳᠤᠪᠠ 

ᠬᠤᠳᠠᠯᠳᠤᠭ᠎ᠠ᠂ ᠡᠳ᠋ ᠍ ᠦᠨ ᠵᠠᠰᠠᠭ᠂ ᠰᠢᠨᠵᠢᠯᠡᠬᠦ ᠤᠬᠠᠭᠠᠨ᠂ ᠲᠧᠭᠨᠢᠭ᠂ ᠰᠤᠶᠤᠯ ᠤᠨ ᠬᠠᠮᠲᠤ ᠶᠢᠨ ᠠᠵᠢᠯᠯᠠᠭᠠᠨ ᠤ ᠮᠣᠩᠭᠣᠯ᠂ ᠬᠠᠰᠠᠭᠰᠲ᠋ᠠᠨ ᠤ ᠵᠠᠰᠠᠭ ᠤᠨ ᠭᠠᠵᠠᠷ ᠬᠣᠭᠣᠷᠣᠨᠳᠣ ᠶᠢᠨ ᠺᠣᠮᠢᠰ ᠤᠨ ᠨᠠᠢ᠌ᠮᠠᠳᠤᠭᠠᠷ ᠬᠤᠷᠠᠯᠳᠤᠭᠠᠨ ᠥᠴᠥᠭᠡᠳᠦᠷ ᠴᠠᠬᠢᠮ ᠬᠡᠯᠪᠡᠷᠢ ᠪᠡᠷ ᠪᠣᠯᠪᠠ᠃ ᠬᠤᠷᠠᠯᠳᠤᠭᠠᠨ ᠤ ᠦᠶ᠎ᠡ ᠪᠡᠷ ᠬᠤᠶᠠᠷ ᠤᠯᠤᠰ ᠤᠨ ᠨᠠᠶᠢᠷᠰᠠᠭ ᠬᠠᠷᠢᠯᠴᠠᠭ᠎ᠠ ᠶᠢ ᠥᠷᠭᠡᠵᠢᠭᠦᠯᠦᠨ ᠬᠥᠭᠵᠢᠭᠦᠯᠬᠦ ᠳᠤ ᠬᠤᠳᠠᠯᠳᠤᠭ᠎ᠠ᠂ ᠡᠳ᠋ ᠍ ᠦᠨ ᠵᠠᠰᠠᠭ᠂ ᠬᠥᠷᠥᠩᠭᠡ ᠣᠷᠣᠭᠤᠯᠤᠯᠲᠠ᠂ ᠵᠠᠮ ᠲᠡᠭᠡᠭᠡᠪᠦᠷᠢ᠂ ᠬᠥᠳᠡᠭᠡ ᠠᠵᠤ ᠠᠬᠤᠢ᠂ ᠠᠶᠠᠯᠠᠯ ᠵᠢᠭᠤᠯᠴᠢᠯᠠᠯ᠂ ᠰᠤᠶᠤᠯ᠂ ᠰᠢᠨᠵᠢᠯᠡᠬᠦ ᠤᠬᠠᠭᠠᠨ᠂ ᠬᠦᠮᠦᠯᠢᠭ ᠦᠨ ᠵᠡᠷᠭᠡ ᠰᠠᠯᠪᠤᠷᠢ ᠶᠢᠨ ᠬᠠᠮᠲᠤ ᠶᠢᠨ ᠠᠵᠢᠯᠯᠠᠭ᠎ᠠ ᠶᠢ ᠡᠷᠴᠢᠮᠵᠢᠭᠦᠯᠬᠦ ᠲᠠᠯ᠎ᠠ ᠪᠠᠷ ᠰᠠᠨᠠᠯ ᠰᠤᠯᠢᠯᠴᠠᠪᠠ᠃
ᠬᠣᠶᠠᠷ ᠲᠠᠯ᠎ᠠ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠮᠲᠤ ᠶᠢᠨ ᠠᠵᠢᠯᠯᠠᠭᠠᠨ ᠤ ᠥᠨᠥ ᠶᠢᠨ ᠪᠠᠶᠢᠳᠠᠯ ᠢ ᠦᠨᠡᠯᠡᠵᠦ᠂ ᠳᠡᠭᠡᠳᠦ᠂ ᠥᠨᠳᠥᠷ ᠲᠦᠪᠰᠢᠨ ᠳᠦ ᠶᠠᠷᠢᠵᠤ ᠲᠣᠬᠢᠷᠠᠭᠰᠠᠨ ᠠᠵᠢᠯ ᠤᠳ ᠢ ᠤᠷᠤᠭᠰᠢᠯᠠᠭᠤᠯᠬᠤ ᠶᠢᠨ ᠲᠥᠯᠥᠭᠡ ᠪᠠᠶᠢᠭ᠎ᠠ ᠪᠠᠨ ᠬᠠᠷᠢᠯᠴᠠᠨ ᠨᠣᠲᠠᠯᠠᠪᠠ᠃ ᠮᠣᠩᠭᠣᠯ ᠤᠯᠤᠰ᠂ ᠡᠸᠦ᠋ᠷᠤ᠋ ᠠᠽᠢᠶ᠎ᠠ ᠶᠢᠨ ᠡᠳ᠋ ᠍ ᠦᠨ ᠵᠠᠰᠠᠭ ᠤᠨ ᠬᠣᠯᠪᠣᠭᠠᠨ ᠤ ᠬᠣᠭᠣᠷᠣᠨᠳᠣ ᠴᠢᠯᠦᠭᠡᠲᠦ ᠬᠤᠳᠠᠯᠳᠤᠭᠠᠨ ᠤ ᠬᠡᠯᠡᠯᠴᠡᠭᠡᠷ ᠪᠠᠶᠢᠭᠤᠯᠬᠤ ᠲᠠᠯ᠎ᠠ ᠪᠠᠷ ᠴᠢᠨᠠᠭᠰᠢᠳᠠ ᠴᠤ ᠢᠳᠡᠪᠬᠢᠲᠡᠢ ᠬᠠᠮᠲᠤᠷᠠᠨ ᠠᠵᠢᠯᠯᠠᠬᠤ ᠪᠠᠷ ᠶᠠᠷᠢᠯᠴᠠᠵᠤ᠂ ᠬᠣᠶᠠᠷ ᠲᠠᠯ᠎ᠠ ᠶᠢᠨ ᠬᠤᠳᠠᠯᠳᠤᠭᠠᠨ ᠤ ᠬᠡᠮᠵᠢᠶ᠎ᠡ᠂ ᠨᠡᠷ᠎ᠡ ᠲᠥᠷᠥᠯ ᠢ ᠨᠡᠮᠡᠭᠳᠡᠭᠦᠯᠬᠦ ᠴᠢᠭᠯᠡᠯ ᠢᠶᠡᠷ ᠬᠠᠮᠲᠤᠷᠠᠨ ᠠᠵᠢᠯᠯᠠᠬᠤ ᠪᠠᠷ ᠲᠣᠬᠢᠷᠠᠯᠴᠠᠪᠠ᠃

ᠰᠡᠳᠬᠢᠭᠳᠡᠯ ᠦᠯᠡᠳᠡᠭᠡᠬᠦ