152.9 ᠮᠢᠩᠭᠠᠨ ᠠᠵᠢᠯ ᠤᠨ ᠪᠠᠶᠢᠷᠢ ᠦᠭᠡᠢ ᠪᠣᠯᠵᠠᠢ  | News.MN

152.9 ᠮᠢᠩᠭᠠᠨ ᠠᠵᠢᠯ ᠤᠨ ᠪᠠᠶᠢᠷᠢ ᠦᠭᠡᠢ ᠪᠣᠯᠵᠠᠢ 

 

ᠵᠠᠰᠠᠭ ᠤᠨ ᠭᠠᠵᠠᠷ᠂ ᠤᠯᠤᠰ ᠤᠨ ᠣᠨᠴᠠᠭᠠᠢ ᠺᠣᠮᠢᠰ ᠠᠴᠠ ᠪᠦᠬᠦ ᠨᠡᠶᠢᠲᠡ ᠶᠢᠨ ᠪᠡᠯᠡᠨ ᠪᠠᠶᠢᠳᠠᠯ ᠤᠨ ᠵᠡᠷᠭᠡ ᠳᠦ ᠰᠢᠯᠵᠢᠵᠦ᠂ ᠬᠥᠯ ᠬᠣᠷᠢᠭᠠᠨ ᠤ ᠬᠠᠲᠠᠭᠤ ᠳᠢᠭᠯᠢᠮ ᠲᠣᠭᠲᠠᠭᠠᠭᠰᠠᠨ  ᠠᠴᠠ ᠬᠣᠶᠢᠰᠢ ᠠᠵᠤ ᠠᠬᠤᠢ ᠨᠢᠭᠡᠴᠡ ᠨᠦᠭᠦᠳ ᠦᠨ ᠨᠥᠬᠥᠴᠡᠯ ᠪᠠᠶᠢᠳᠠᠯ ᠶᠠᠮᠠᠷ ᠪᠠᠢᠭ᠎ᠠ ᠲᠠᠯ᠎ᠠ ᠪᠠᠷ ᠮᠣᠩᠭᠣᠯ ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠠᠴᠠ ᠰᠤᠳᠤᠯᠭ᠎ᠠ ᠶᠠᠪᠤᠭᠤᠯᠤᠭᠰᠠᠨ ᠪᠠᠶᠢᠨ᠎ᠠ᠃ ᠡᠨᠡ ᠰᠤᠳᠤᠯᠭᠠᠨ ᠤ ᠳ᠋ᠦᠩ  ᠢᠶᠡᠨ 11.26 ᠳᠦ ᠴᠠᠬᠢᠮ ᠢᠶᠠᠷ ᠲᠠᠨᠢᠯᠴᠠᠭᠤᠯᠪᠠ᠃ ᠬᠥᠯ ᠬᠣᠷᠢᠭᠠᠨ ᠤ ᠦᠶ᠎ᠡ ᠳᠦ ᠡᠨᠡ ᠰᠠᠷ᠎ᠠ ᠶᠢᠨ 12 ᠡᠴᠡ ᠠᠷᠪᠠᠨ ᠬᠣᠶᠠᠳᠤᠭᠠᠷ ᠰᠠᠷ᠎ᠠ ᠶᠢᠨ 1 ᠍  ᠬᠦᠷᠲᠡᠯ᠎ᠡ ᠠᠷᠠᠯᠵᠢᠶ᠎ᠠ ᠡᠷᠬᠢᠯᠡᠭᠴᠢᠳ 152.9 ᠮᠢᠩᠭᠠᠨ ᠠᠵᠢᠯ ᠤᠨ ᠪᠠᠶᠢᠷᠢ ᠶᠢ ᠴᠥᠭᠡᠯᠡᠵᠡᠢ᠃ ᠬᠡᠷᠪᠡ ᠬᠥᠯ ᠬᠣᠷᠢᠭ᠎ᠠ ᠶᠢ ᠳᠠᠬᠢᠨ ᠨᠢᠭᠡ ᠰᠠᠷ᠎ᠠ ᠪᠠᠷ ᠪᠤᠶᠤ ᠡᠨᠡ ᠣᠨ ᠤ ᠠᠷᠪᠠᠨ ᠬᠣᠶᠠᠳᠤᠭᠠᠷ ᠰᠠᠷ᠎ᠠ ᠶᠢᠨ 31 ᠬᠦᠷᠲᠡᠯ᠎ᠡ ᠰᠤᠩᠭᠠᠪᠠᠯ 432.660 ᠠᠵᠢᠯ ᠤᠨ ᠪᠠᠶᠢᠷᠢ ᠦᠭᠡᠢ ᠪᠤᠯᠬᠤ ᠲᠣᠭᠠᠴᠠᠭ᠎ᠠ ᠪᠠᠶᠢᠨ᠎ᠠ᠃ ᠬᠡᠷᠪᠡ ᠭᠤᠷᠪᠠᠨ ᠰᠠᠷ᠎ᠠ ᠪᠠᠷ ᠪᠤᠶᠤ ᠬᠥᠯ ᠬᠣᠷᠢᠭ᠎ᠠ ᠶᠢ 2021 ᠣᠨ ᠤ ᠭᠤᠷᠪᠠᠳᠤᠭᠠᠷ ᠰᠠᠷ᠎ᠠ ᠬᠦᠷᠲᠡᠯ᠎ᠡ ᠰᠤᠩᠭᠠᠪᠠᠯ 505.060 ᠠᠵᠢᠯ ᠤᠨ ᠪᠠᠶᠢᠷᠢ ᠠᠯᠠᠭ᠎ᠠ ᠪᠤᠯᠬᠤ ᠨᠢ᠃

ᠮᠣᠩᠭᠣᠯ ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠤᠨ ᠶᠡᠷᠦᠩᠬᠡᠶᠢᠯᠡᠭᠴᠢ ᠣ᠊ ∙ᠠᠮᠤᠷᠲᠦ᠋ᠪᠰᠢᠨ᠄ ᠪᠢᠽᠢᠨᠧᠰ ᠡᠷᠬᠢᠯᠡᠭᠴᠢᠳ ᠦᠨ 82 ᠬᠤᠪᠢ ᠨᠢ ᠪᠦᠷᠢᠨ ᠵᠣᠭᠰᠣᠯᠲᠠ ᠬᠢᠭᠰᠡᠨ ᠪᠣᠯ 13 ᠬᠤᠪᠢ ᠨᠢ ᠬᠢᠵᠠᠭᠠᠷᠯᠠᠭᠳᠠᠮᠠᠯ ᠬᠦᠷᠢᠶᠡᠨ ᠳᠦ ᠠᠵᠢᠯᠯᠠᠵᠤ ᠪᠠᠶᠢᠨ᠎ᠠ᠃  ᠪᠢᠽᠢᠨᠧᠰ ᠡᠷᠬᠢᠯᠡᠭᠴᠢᠳ ᠦᠨ 74 ᠬᠤᠪᠢ ᠨᠢ ᠴᠠᠯᠢᠩ ᠣᠯᠭᠤᠬᠤ ᠦᠭᠡᠢ ᠪᠠᠶᠢᠭ᠎ᠠ ᠪᠣᠯ 14 ᠬᠤᠪᠢ ᠨᠢ ᠴᠠᠯᠢᠩ ᠢᠶᠠᠨ 100 ᠬᠤᠪᠢ ᠣᠯᠭᠤᠵᠤ ᠪᠠᠶᠢᠭ᠎ᠠ᠃ ᠪᠢᠽᠢᠨᠧᠰ ᠡᠷᠬᠢᠯᠡᠭᠴᠢᠳ ᠦᠨ 67 ᠬᠤᠪᠢ ᠨᠢ 50 ᠰᠠᠶ᠎ᠠ ᠲᠥᠭᠥᠷᠢᠭ ᠬᠦᠷᠲᠡᠯ᠎ᠡ ᠵᠢᠭᠡᠯᠡ ᠲᠡᠢ ᠪᠠᠶᠢᠨ᠎ᠠ》 ᠭᠡᠳᠡᠭ ᠢ ᠬᠡᠯᠡᠯ᠎ᠡ᠃

ᠰᠡᠳᠬᠢᠭᠳᠡᠯ ᠦᠯᠡᠳᠡᠭᠡᠬᠦ