《ᠦᠨᠳᠦᠰᠦᠨ ᠦ ᠮᠥᠩᠭᠥᠨ ᠲᠡᠮᠳᠡᠭᠲᠦ ᠰᠤᠯᠢᠯᠴᠠᠬᠤ》ᠰᠪᠣᠫ ᠬᠡᠯᠡᠴᠡᠯ ᠦᠨ  ᠲᠠᠯ᠎ᠠ ᠪᠠᠷ ᠬᠡᠯᠡᠯᠴᠡᠵᠡᠢ | News.MN

《ᠦᠨᠳᠦᠰᠦᠨ ᠦ ᠮᠥᠩᠭᠥᠨ ᠲᠡᠮᠳᠡᠭᠲᠦ ᠰᠤᠯᠢᠯᠴᠠᠬᠤ》ᠰᠪᠣᠫ ᠬᠡᠯᠡᠴᠡᠯ ᠦᠨ  ᠲᠠᠯ᠎ᠠ ᠪᠠᠷ ᠬᠡᠯᠡᠯᠴᠡᠵᠡᠢ

 

ᠮᠣᠩᠭᠣᠯ ᠤᠯᠤᠰ ᠤᠨ ᠶᠡᠬᠡ ᠬᠤᠷᠠᠯ᠂ ᠪᠦᠬᠦ ᠬᠢᠲᠠᠳ ᠤᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠬᠣᠭᠣᠷᠣᠨᠳᠣ ᠶᠢᠨ ᠪᠠᠶᠢᠩᠭᠤ ᠶᠢᠨ ᠠᠭᠤᠯᠵᠠᠯᠲᠠ ᠶᠢᠨ ᠮᠧᠬᠠᠨᠢᠰᠮ ᠤᠨ ᠭᠤᠷᠪᠠᠳᠠᠬᠢ ᠤᠳᠠᠭ᠎ᠠ ᠶᠢᠨ ᠠᠭᠤᠯᠵᠠᠯᠲᠠ ᠡᠨᠡ ᠰᠠᠷ᠎ᠠ ᠶᠢᠨ 25 ᠍ ᠳᠦ ᠪᠣᠯᠵᠠᠢ᠃ ᠠᠭᠤᠯᠵᠠᠯᠲᠠ ᠶᠢ ᠮᠣᠩᠭᠣᠯ ᠤᠨ ᠲᠠᠯ᠎ᠠ ᠠᠴᠠ ᠤᠯᠤᠰ ᠤᠨ ᠶᠡᠬᠡ ᠬᠤᠷᠠᠯ ᠤᠨ ᠳᠡᠳ᠋ ᠳᠠᠷᠤᠭ᠎ᠠ᠂ ᠤᠯᠤᠰ ᠤᠨ ᠶᠡᠬᠡ ᠬᠤᠷᠠᠯ ᠳᠠᠬᠢ ᠮᠣᠩᠭᠣᠯ᠂ ᠬᠢᠲᠠᠳ ᠤᠨ ᠫᠠᠷᠯᠠᠮᠧᠨᠲ ᠤᠨ ᠪᠦᠯᠦᠭ ᠦᠨ ᠳᠠᠷᠤᠭ᠎ᠠ ᠲ ∙ ᠠᠶᠤᠤᠷᠰᠠᠶᠢᠬᠠᠨ᠂ ᠬᠢᠲᠠᠳ ᠦᠨ ᠲᠠᠯ᠎ᠠ ᠠᠴᠠ ᠪᠦᠬᠦ ᠬᠢᠲᠠᠳ ᠤᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠣᠷᠢᠶᠠᠨ ᠤ ᠳᠡᠳ᠋ ᠳᠠᠷᠤᠭ᠎ᠠ ᠪᠠᠢᠮᠠᠴᠡᠷᠡᠨ ᠳᠠᠷᠤᠭᠠᠯᠠᠭᠰᠠᠨ ᠪᠠᠶᠢᠨ᠎ᠠ᠃ ᠬᠣᠶᠠᠷ ᠤᠯᠤᠰ ᠤᠨ ᠫᠠᠷᠯᠠᠮᠧᠨᠲ ᠤᠨ ᠳᠠᠷᠤᠭ᠎ᠠ ᠨᠠᠷ 2014 ᠣᠨ ᠳᠤ ᠭᠠᠷ ᠤᠨ ᠦᠰᠦᠭ ᠵᠢᠷᠤᠵᠤ᠂ ᠶᠣᠰᠣᠴᠢᠯᠠᠭᠰᠠᠨ ᠬᠣᠶᠠᠷ ᠣᠷᠣᠨ ᠤ ᠫᠠᠷᠯᠠᠮᠧᠨᠲ ᠬᠣᠭᠣᠷᠣᠨᠳᠣ ᠶᠢᠨ ᠪᠠᠶᠢᠩᠭᠤ ᠶᠢᠨ ᠠᠭᠤᠯᠵᠠᠯᠲᠠ ᠶᠢᠨ ᠮᠧᠬᠠᠨᠢᠰᠮ ᠤᠨ ᠭᠤᠷᠪᠠᠳᠠᠬᠢ ᠤᠳᠠᠭ᠎ᠠ ᠶᠢᠨ ᠠᠭᠤᠯᠵᠠᠯᠲᠠ ᠶᠢ ᠲᠠᠬᠤᠯ ᠤᠨ ᠤᠯᠠᠮ ᠠᠴᠠ ᠴᠠᠬᠢᠮ ᠬᠡᠯᠪᠡᠷᠢ ᠪᠡᠷ ᠵᠣᠬᠢᠶᠠᠨ ᠪᠠᠶᠢᠭᠤᠯᠵᠠᠢ᠃
ᠲ∙ᠠᠶᠤᠤᠷᠰᠠᠶᠢᠬᠠᠨ ᠠᠭᠤᠯᠵᠠᠯᠲᠠ ᠶᠢᠨ ᠦᠶ᠎ᠡ ᠪᠡᠷ ᠬᠡᠯᠡᠭᠰᠡᠨ ᠦᠭᠡᠨ ᠳᠦ ᠪᠡᠨ᠂ ᠬᠣᠶᠠᠷ ᠤᠯᠤᠰ ᠤᠨ ᠵᠠᠰᠠᠭ ᠤᠨ ᠭᠠᠵᠠᠷ ᠬᠣᠭᠣᠷᠣᠨᠳᠣ 《ᠲᠠᠯ᠎ᠠ ᠶᠢᠨ ᠵᠠᠮ》 ᠪᠣᠯᠤᠨ 《ᠪᠥᠰᠡ ᠪᠠ ᠵᠠᠮ》 ᠰᠠᠨᠠᠭᠠᠴᠢᠯᠠᠭ᠎ᠠ ᠶᠢᠨ ᠪᠦᠲᠦᠭᠡᠨ ᠪᠠᠶᠢᠭᠤᠯᠤᠯᠲᠠ ᠶᠢ ᠤᠷᠤᠭᠰᠢᠯᠠᠭᠤᠯᠬᠤ ᠲᠤᠬᠠᠢ ᠰᠠᠨᠠᠮᠵᠢ ᠪᠢᠴᠢᠭ ᠪᠠᠶᠢᠭᠤᠯᠤᠨ᠂ ᠲᠤᠰᠬᠠᠢ ᠲᠥᠯᠥᠪᠯᠡᠭᠡ ᠭᠠᠷᠭᠠᠨ ᠠᠵᠢᠯᠯᠠᠵᠤ ᠪᠠᠶᠢᠭ᠎ᠠ᠂ ᠬᠣᠶᠠᠷ ᠣᠷᠣᠨ ᠤ ᠬᠤᠳᠠᠯᠳᠤᠭᠠᠨ ᠤ ᠡᠷᠭᠢᠯᠲᠡ ᠲᠠᠬᠤᠯ ᠤᠨ ᠨᠥᠯᠥᠭᠡ ᠪᠡᠷ ᠪᠠᠭᠤᠷᠠᠭᠰᠠᠨ ᠴᠤ ᠮᠣᠩᠭᠣᠯ᠂ ᠬᠢᠲᠠᠳ ᠤᠨ ᠬᠢᠯᠢ ᠶᠢᠨ ᠪᠣᠭᠣᠮᠲᠠ ᠶᠢᠨ 《ᠨᠣᠭᠣᠭᠠᠨ ᠭᠠᠷᠴᠠ》 ᠲᠦᠷ ᠵᠢᠷᠤᠮ ᠵᠡᠷᠭᠡ ᠠᠷᠭ᠎ᠠ ᠬᠡᠮᠵᠢᠶ᠎ᠡ ᠶᠢ ᠴᠠᠭ ᠠᠯᠠᠳᠠᠯ ᠦᠭᠡᠢ ᠬᠡᠷᠡᠭᠵᠢᠭᠦᠯᠦᠭᠰᠡᠨ ᠨᠢ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠷᠢᠯᠴᠠᠭ᠎ᠠ ᠶᠢ ᠬᠠᠷᠢᠴᠠᠩᠭᠤᠢ ᠪᠣᠭᠣᠨᠢ ᠬᠤᠭᠤᠴᠠᠭᠠᠨ ᠳᠤ ᠰᠡᠷᠭᠦᠭᠡᠬᠦ ᠳᠦ ᠴᠢᠬᠤᠯᠠ ᠲᠦᠯᠬᠢᠴᠡ ᠦᠵᠡᠭᠦᠯᠦᠭᠰᠡᠨ ᠢ ᠣᠨᠴᠠᠯᠠᠨ ᠲᠡᠮᠳᠡᠭᠯᠡᠭᠰᠡᠨ ᠪᠠᠶᠢᠨ᠎ᠠ᠃
ᠲᠡᠷᠡ ᠮᠣᠩᠭᠣᠯ ᠪᠠᠩᠬᠢ ᠬᠢᠲᠠᠳ ᠤᠨ ᠠᠷᠠᠳ ᠤᠨ ᠪᠠᠩᠬᠢ ᠲᠠᠢ ᠪᠠᠶᠢᠭᠤᠯᠤᠭᠰᠠᠨ 《ᠦᠨᠳᠦᠰᠦᠨ ᠦ ᠮᠥᠩᠭᠥᠨ ᠲᠡᠮᠳᠡᠭᠲᠦ ᠰᠤᠯᠢᠯᠴᠠᠬᠤ》 ᠰᠪᠣᠫ ᠬᠡᠯᠡᠴᠡᠯ ᠦᠨ ᠮᠣᠩᠭᠣᠯ ᠤᠨ ᠲᠠᠯ᠎ᠠ ᠶᠢᠨ ᠥᠷᠢ ᠶᠢ ᠲᠢᠭᠯᠡᠬᠦ᠂ ᠬᠥᠩᠭᠡᠯᠡᠬᠦ ᠴᠢᠭᠯᠡᠯ ᠢᠶᠡᠷ ᠮᠣᠩᠭᠣᠯ ᠤᠯᠤᠰ ᠤᠨ ᠶᠡᠬᠡ ᠬᠤᠷᠠᠯ ᠪᠣᠯᠤᠨ ᠪᠦᠬᠦ ᠬᠢᠲᠠᠳ ᠤᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠬᠠᠮᠲᠤᠷᠠᠵᠤ ᠠᠵᠢᠯᠯᠠᠬᠤ ᠰᠠᠨᠠᠯ ᠲᠠᠢ ᠪᠠᠶᠢᠭ᠎ᠠ ᠪᠠᠨ ᠢᠯᠡᠷᠬᠡᠶᠢᠯᠡᠪᠡ᠃

ᠰᠡᠳᠬᠢᠭᠳᠡᠯ ᠦᠯᠡᠳᠡᠭᠡᠬᠦ