ᠡᠳ᠋ ᠍ ᠦᠨ ᠵᠠᠰᠠᠭ ᠤᠨ ᠥᠰᠦᠯᠲᠡ -7.3 ᠬᠤᠪᠢ ᠲᠠᠢ ᠭᠠᠷᠴᠠᠢ  | News.MN

ᠡᠳ᠋ ᠍ ᠦᠨ ᠵᠠᠰᠠᠭ ᠤᠨ ᠥᠰᠦᠯᠲᠡ -7.3 ᠬᠤᠪᠢ ᠲᠠᠢ ᠭᠠᠷᠴᠠᠢ 

ᠮᠠᠺᠷᠤ᠋ ᠡᠳ᠋ ᠍ ᠦᠨ ᠵᠠᠰᠠᠭ ᠤᠨ ᠭᠤᠷᠪᠠᠳᠤᠭᠠᠷ ᠤᠯᠠᠷᠢᠯ ᠤᠨ ᠭᠦᠢᠴᠡᠳᠬᠡᠯ ᠢᠶᠡᠷ ᠡᠳ᠋ ᠍ ᠦᠨ ᠵᠠᠰᠠᠭ ᠤᠨ ᠥᠰᠦᠯᠲᠡ ᠣᠭᠴᠣᠮ ᠪᠠᠭᠤᠷᠠᠵᠠᠢ᠃ 2017-2019 ᠣᠨ ᠨᠤᠭᠤᠳ ᠲᠤ ᠳᠤᠮᠳᠠᠴᠢ ᠪᠠᠷ 6.3 ᠬᠤᠪᠢ ᠶᠢᠨ ᠥᠰᠦᠯᠲᠡ ᠲᠡᠢ ᠪᠠᠶᠢᠭᠰᠠᠨ ᠪᠣᠯ 2020 ᠣᠨ ᠤ ᠨᠢᠭᠡᠳᠦᠭᠡᠷ ᠤᠯᠠᠷᠢᠯ ᠠᠴᠠ ᠣᠭᠴᠣᠮ ᠪᠠᠭᠤᠷᠠᠵᠤ᠂ -10.7 ᠬᠤᠪᠢ ᠪᠤᠶᠤ ᠬᠠᠮᠤᠭ ᠤᠨ ᠳᠤᠤᠷᠠᠳᠤ ᠬᠡᠮᠵᠢᠶᠡᠨ ᠳᠦ ᠪᠡᠨ ᠬᠦᠷᠴᠦ ᠪᠠᠶᠢᠭᠰᠠᠨ᠃ ᠬᠠᠷᠢᠨ ᠬᠣᠶᠠᠳᠤᠭᠠᠷ ᠤᠯᠠᠷᠢᠯ ᠤᠨ ᠪᠠᠶᠢᠳᠠᠯ ᠢᠶᠠᠷ -9.7 ᠬᠤᠪᠢ ᠲᠠᠢ ᠭᠠᠷᠤᠭᠰᠠᠨ ᠪᠣᠯ ᠭᠤᠷᠪᠠᠳᠤᠭᠠᠷ ᠤᠯᠠᠷᠢᠯ ᠤᠨ ᠭᠦᠢᠴᠡᠳᠬᠡᠯ ᠢᠶᠡᠷ -7.3 ᠬᠤᠪᠢ ᠲᠠᠢ ᠭᠠᠷᠴᠠᠢ᠃ ᠡᠭᠦᠨ ᠡᠴᠡ ᠡᠭᠦᠳᠦᠨ ᠨᠢᠭᠡᠳᠦᠭᠰᠡᠨ ᠲᠥᠰᠥᠪ ᠦᠨ ᠲᠡᠩᠴᠡᠯ ᠠᠯᠳᠠᠭᠳᠠᠯ ᠲᠠᠢ ᠭᠠᠷᠤᠭᠰᠠᠨ ᠪᠠᠶᠢᠨ᠎ᠠ᠃

2020 ᠣᠨ ᠤ ᠭᠤᠷᠪᠠᠳᠤᠭᠠᠷ ᠤᠯᠠᠷᠢᠯ ᠤᠨ ᠭᠦᠢᠴᠡᠳᠬᠡᠯ ᠢᠶᠡᠷ ᠨᠢᠭᠡᠳᠦᠭᠰᠡᠨ ᠲᠥᠰᠥᠪ ᠦᠨ ᠲᠡᠩᠴᠡᠪᠦᠷᠢᠵᠢᠭᠦᠯᠦᠭᠰᠡᠨ ᠨᠡᠶᠢᠲᠡ ᠲᠡᠩᠴᠡᠯ 2845.6 ᠲᠡᠷᠪᠤᠮ ᠲᠥᠭᠥᠷᠢᠭ ᠪᠤᠶᠤ ᠳᠤᠲᠤᠭᠠᠳᠤ ᠶᠢᠨ ᠨᠡᠢᠲᠡ ᠪᠦᠲᠦᠭᠡᠭᠳᠡᠬᠦᠨ᠍ ᠦ -7.0 ᠬᠤᠪᠢ ᠲᠠᠢ ᠲᠡᠩᠴᠡᠬᠦ ᠬᠡᠮᠵᠢᠶᠡᠨ ᠦ ᠠᠯᠳᠠᠭᠳᠠᠯ ᠲᠠᠢ ᠭᠠᠷᠤᠯ᠎ᠠ᠃ ᠲᠠᠢᠯᠤᠩᠲᠤ ᠬᠤᠭᠤᠴᠠᠭᠠᠨ ᠳ᠋ᠡᠬᠢ ᠨᠢᠭᠡᠳᠦᠭᠰᠡᠨ ᠲᠥᠰᠥᠪ ᠦᠨ ᠲᠡᠩᠴᠡᠪᠦᠷᠢᠵᠢᠭᠦᠯᠦᠭᠰᠡᠨ ᠲᠡᠩᠴᠡᠯ ᠦᠨ ᠠᠯᠳᠠᠭᠳᠠᠯ ᠡᠮᠦᠨᠡᠬᠢ ᠣᠨ ᠤ ᠮᠥᠨ ᠦᠶ᠎ᠡ ᠡᠴᠡ 3330.2 ᠲᠡᠷᠪᠤᠮ ᠲᠥᠭᠥᠷᠢᠭ ᠢᠶᠡᠷ ᠨᠡᠮᠡᠭᠳᠡᠭᠰᠡᠨ ᠪᠣᠯ ᠲᠥᠯᠥᠪᠯᠡᠭᠰᠡᠨ  ᠳ᠋ᠦᠩ ᠡᠴᠡ 1288.2 ᠲᠡᠷᠪᠤᠮ ᠲᠥᠭᠥᠷᠢᠭ ᠢᠶᠡᠷ ᠪᠠᠭᠤᠷᠠᠵᠠᠢ᠃ ᠲᠥᠰᠥᠪ ᠦᠨ ᠣᠷᠣᠯᠭ᠎ᠠ ᠶᠢᠨ ᠬᠤᠪᠢ ᠳᠤ᠄ ᠨᠢᠭᠡᠳᠦᠭᠰᠡᠨ ᠲᠥᠰᠥᠪ ᠦᠨ ᠨᠡᠶᠢᠲᠡ ᠲᠡᠩᠴᠡᠪᠦᠷᠢᠵᠢᠭᠦᠯᠦᠭᠰᠡᠨ ᠣᠷᠣᠯᠭ᠎ᠠ 6595.1 ᠲᠡᠷᠪᠤᠮ ᠲᠥᠭᠥᠷᠢᠭ ᠲᠦ ᠬᠦᠷᠴᠦ᠂ ᠥᠩᠭᠡᠷᠡᠭᠰᠡᠨ ᠣᠨ ᠤ ᠮᠥᠨ ᠦᠶ᠎ᠡ ᠡᠴᠡ 14.9 ᠬᠤᠪᠢ ᠪᠤᠶᠤ 1153.9 ᠲᠡᠷᠪᠤᠮ ᠲᠥᠭᠥᠷᠢᠭ ᠢᠶᠡᠷ᠂  ᠲᠠᠢᠯᠤᠩᠲᠤ ᠬᠤᠭᠤᠴᠠᠭᠠᠨ ᠤ ᠣᠷᠣᠯᠭ᠎ᠠ ᠶᠢᠨ ᠲᠥᠯᠥᠪᠯᠡᠭᠡ 7.5 ᠬᠤᠪᠢ ᠪᠤᠶᠤ 534.8 ᠲᠡᠷᠪᠤᠮ ᠲᠥᠭᠥᠷᠢᠭ ᠢᠶᠡᠷ ᠲᠤᠰ ᠲᠤᠰ ᠪᠠᠭᠤᠷᠠᠭᠰᠠᠨ ᠦᠵᠡᠭᠦᠯᠦᠯᠲᠡ ᠲᠡᠢ ᠪᠠᠶᠢᠨ᠎ᠠ᠃

ᠰᠡᠳᠬᠢᠭᠳᠡᠯ ᠦᠯᠡᠳᠡᠭᠡᠬᠦ