ᠲᠡᠦᠬᠡ ᠰᠣᠶᠣᠯ ᠤᠨ ᠬᠣᠣᠰ ᠦᠭᠡᠢ ᠦᠨᠡᠲᠦ ᠵᠦᠢᠯ ᠢ ᠡᠷᠳᠡᠨᠢᠰ ᠲᠦ ᠲᠣᠭᠠᠴᠠᠳᠠᠭ ᠪᠣᠯᠤᠨ᠎ᠠ  | News.MN

ᠲᠡᠦᠬᠡ ᠰᠣᠶᠣᠯ ᠤᠨ ᠬᠣᠣᠰ ᠦᠭᠡᠢ ᠦᠨᠡᠲᠦ ᠵᠦᠢᠯ ᠢ ᠡᠷᠳᠡᠨᠢᠰ ᠲᠦ ᠲᠣᠭᠠᠴᠠᠳᠠᠭ ᠪᠣᠯᠤᠨ᠎ᠠ 

︽ᠡᠷᠳᠡᠨᠢᠰ ᠦᠨ ᠰᠠᠩ ᠤᠨ ᠲᠤᠬᠠᠢ︾ᠬᠠᠤᠯᠢ ᠶᠢ ᠰᠢᠨᠡᠴᠢᠯᠡᠬᠦ ᠳᠦ ᠪᠡᠨ ᠬᠣᠯᠪᠣᠭᠳᠠᠬᠤ ᠰᠤᠳᠤᠯᠭᠠᠨ ᠤ ᠦᠷ᠎ᠡ ᠳ᠋ᠦᠩ ᠳᠦ ᠦᠨᠳᠦᠰᠦᠯᠡᠨ ᠵᠥᠪᠬᠡᠨ ᠡᠷᠳᠡᠨᠢ ᠶᠢᠨ ᠴᠢᠯᠠᠭᠤ᠂ ᠦᠨᠡᠲᠦ ᠮᠧᠲ᠋ᠠᠯ ᠢᠶᠠᠷ ᠡᠷᠳᠡᠨᠢᠰ ᠢ ᠬᠢᠵᠠᠭᠠᠷᠯᠠᠬᠤ ᠦᠭᠡᠢ᠂ ᠲᠡᠦᠬᠡ ᠰᠤᠶᠤᠯ ᠤᠨ ᠬᠣᠣᠰ ᠦᠭᠡᠢ ᠦᠨᠡᠲᠦ᠂ ᠦᠨᠡᠲᠦ ᠳᠤᠷᠠᠰᠬᠠᠯᠲᠤ ᠵᠦᠢᠯ ᠵᠡᠷᠭᠡ ᠶᠢ ᠡᠷᠳᠡᠨᠢᠰ ᠲᠦ ᠲᠣᠭᠠᠴᠠᠬᠤ ᠲᠤᠬᠠᠢ ᠲᠤᠰᠬᠠᠵᠠᠢ᠃ ᠤᠯᠤᠰ ᠤᠨ ᠶᠡᠬᠡ ᠬᠤᠷᠠᠯ ᠤᠨ ᠡᠳ᠋ ᠍ ᠦᠨ ᠵᠠᠰᠠᠭ ᠤᠨ ᠪᠠᠶᠢᠩᠭᠤ ᠶᠢᠨ ᠬᠣᠷᠢᠶᠠᠨ ᠤ ᠥᠨᠥᠳᠥᠷ ᠦᠨ ᠬᠤᠷᠠᠯᠳᠤᠭᠠᠨ ᠢᠶᠠᠷ ᠤᠯᠤᠰ ᠤᠨ ᠶᠡᠬᠡ ᠬᠤᠷᠠᠯ ᠤᠨ ᠭᠡᠰᠢᠭᠦᠨ ᠵ ∙ ᠪᠠᠲᠤᠡᠷᠳᠡᠨᠢ᠂ ᠰ ∙ ᠪᠢᠮᠪᠠᠴᠤᠭᠲᠤ᠂ ᠯ ∙ ᠮᠥᠩᠬᠡᠪᠠᠭᠠᠲᠤᠷ ᠨᠠᠷ ᠤᠨ ᠭᠡᠰᠢᠭᠦᠳ ᠦᠨ ᠰᠠᠨᠠᠭᠠᠴᠢᠯᠠᠭᠰᠠᠨ ︽ᠡᠷᠳᠡᠨᠢᠰ ᠦᠨ ᠰᠠᠩ ᠤᠨ ᠲᠤᠬᠠᠢ︾ ᠬᠠᠤᠯᠢ ᠶᠢᠨ ᠰᠢᠨᠡᠴᠢᠯᠡᠭᠰᠡᠨ ᠨᠠᠶᠢᠷᠠᠭᠤᠯᠭ᠎ᠠ ᠶᠢᠨ ᠲᠥᠰᠦᠯ ᠪᠣᠯᠤᠨ ᠬᠠᠮᠲᠤ ᠡᠷᠭᠦᠨ ᠮᠡᠳᠡᠭᠦᠯᠦᠭᠰᠡᠨ ᠬᠠᠤᠯᠢ ᠶᠢᠨ ᠲᠥᠰᠦᠯ ᠦᠳ ᠢ ᠬᠡᠯᠡᠯᠴᠡᠬᠦ ᠡᠰᠡᠬᠦ ᠶᠢ ᠬᠡᠯᠡᠯᠴᠡᠯ᠎ᠡ᠃
ᠬᠠᠤᠯᠢ ᠶᠢᠨ ᠲᠥᠰᠥᠯ ᠢ ᠰᠠᠨᠠᠭᠠᠴᠢᠯᠠᠭᠴᠢ ᠰ∙ᠪᠢᠮᠪᠠᠴᠤᠭᠲᠤ ᠄ ᠡᠷᠳᠡᠨᠢᠰ ᠦᠨ ᠰᠠᠩ ᠤᠨ ᠲᠤᠬᠠᠢ ᠬᠠᠤᠯᠢ ᠶᠢ ᠰᠢᠨᠡᠴᠢᠯᠡᠬᠦ ᠳᠦ ᠪᠡᠨ᠂ ᠲᠡᠦᠬᠡ ᠰᠤᠶᠤᠯ ᠤᠨ ᠬᠣᠣᠰ ᠦᠭᠡᠢ ᠦᠨᠡᠲᠦ᠂ ᠦᠨᠡᠲᠦ ᠳᠤᠷᠠᠰᠬᠠᠯᠲᠤ ᠵᠦᠢᠯ ᠵᠡᠷᠭᠡ ᠦᠨᠡᠲᠦ ᠬᠥᠷᠥᠩᠭᠡ ᠶᠢ ᠡᠷᠳᠡᠨᠢᠰ ᠲᠦ ᠲᠣᠭᠠᠴᠠᠵᠤ᠂ ᠣᠯᠠᠨ ᠤᠯᠤᠰ  ᠦᠨ ᠠᠩᠭᠢᠯᠠᠯ ᠢᠶᠠᠷ ᠲᠣᠳᠣᠷᠬᠠᠶᠢᠯᠠᠳᠠᠭ ᠪᠠᠶᠢᠬᠤ᠂ ᠡᠷᠳᠡᠨᠢᠰ ᠦᠨ ᠰᠠᠩ ᠤᠨ ᠡᠷᠬᠢᠯᠡᠬᠦ ᠦᠢᠯᠡ ᠠᠵᠢᠯᠯᠠᠭ᠎ᠠ ᠶᠢ ᠲᠥᠪ ᠪᠠᠩᠬᠢᠨ ᠠᠴᠠ ᠭᠠᠳᠠᠭᠠᠳᠤ ᠸᠠᠯᠢᠶᠤᠲ ᠤᠨ ᠤᠯᠤᠰ ᠤᠨ ᠨᠥᠭᠡᠴᠡ ᠶᠢ ᠨᠡᠮᠡᠭᠳᠡᠭᠦᠯᠬᠦ᠂  ᠸᠠᠯᠢᠶᠤᠲ ᠤᠨ ᠵᠣᠬᠢᠴᠠᠭᠤᠯᠤᠯᠲᠠ ᠶᠢ ᠬᠡᠷᠡᠭᠵᠢᠭᠦᠯᠬᠦ ᠴᠢᠭᠯᠡᠯ ᠢᠶᠡᠷ ᠦᠨᠡᠲᠦ ᠮᠧᠲ᠋ᠠᠯ ᠬᠤᠳᠠᠯᠳᠤᠨ ᠠᠪᠳᠠᠭ ᠦᠢᠯᠡ ᠠᠵᠢᠯᠯᠠᠭ᠎ᠠ ᠶᠢ ᠲᠤᠰᠠᠭᠠᠷᠯᠠᠬᠤ᠂ ᠮᠣᠩᠭᠣᠯ ᠪᠠᠩᠬᠢᠨ  ᠠᠴᠠ ᠡᠷᠳᠡᠨᠢᠰ ᠦᠨ ᠰᠠᠩ ᠢ ᠡᠷᠬᠢᠯᠡᠬᠦ ᠠᠵᠢᠯᠯᠠᠭ᠎ᠠ ᠶᠢ ᠥᠷᠭᠡᠵᠢᠭᠦᠯᠵᠦ᠂ ᠰᠠᠩᠬᠦᠦ ᠶᠢᠨ ᠲᠠᠢᠯᠤᠨ ᠳᠤ ᠲᠤᠰᠬᠠᠬᠤ᠂ ᠪᠦᠷᠢᠳᠬᠡᠬᠦ᠂ ᠬᠦᠮᠦᠨ᠂ ᠬᠠᠤᠯᠢ ᠶᠢᠨ ᠡᠲᠡᠭᠡᠳ ᠡᠴᠡ ᠡᠷᠳᠡᠨᠢᠰ ᠦᠨ ᠰᠠᠩ ᠲᠠᠢ ᠬᠠᠷᠢᠯᠴᠠᠬᠤ ᠦᠢᠯᠡ ᠠᠵᠢᠯᠯᠠᠭᠠᠨ ᠤ ᠡᠷᠬᠡ ᠵᠦᠢ ᠶᠢᠨ ᠦᠨᠳᠦᠰᠦ ᠶᠢ ᠰᠢᠨᠡᠴᠢᠯᠡᠨ ᠲᠣᠳᠣᠷᠬᠠᠶᠢᠯᠠᠬᠤ ᠶᠢ ᠵᠣᠷᠢᠭᠰᠠᠨ ᠪᠣᠯᠤᠨ᠎ᠠ ᠭᠡᠵᠦ ᠣᠨᠴᠠᠯᠠᠯ᠎ᠠ᠃

ᠰᠡᠳᠬᠢᠭᠳᠡᠯ ᠦᠯᠡᠳᠡᠭᠡᠬᠦ