ᠮᠣᠩᠭᠣᠯ ᠤᠨ ᠵᠣᠬᠢᠶᠠᠯᠴᠢᠳ ᠤᠨ ᠡᠪᠯᠡᠯ ᠡᠴᠡ ᠵᠢᠯ ᠪᠦᠷᠢ ᠤᠯᠠᠮᠵᠢᠯᠠᠯ ᠪᠣᠯᠭᠠᠨ ᠵᠣᠬᠢᠶᠠᠨ ᠪᠠᠶᠢᠭᠤᠯᠵᠤ᠂ ᠣᠨ ᠤ ᠰᠢᠯᠢᠳᠡᠭ ᠢᠷᠠᠭᠤ ᠨᠠᠶᠢᠷᠠᠭᠴᠢ ᠶᠢ ᠲᠣᠳᠣᠷᠠᠭᠤᠯᠳᠠᠭ 《ᠪᠣᠯᠣᠷ ᠴᠣᠮᠣ》ᠨᠠᠭᠠᠳᠤᠮ ᠤᠨ ᠪᠦᠷᠢᠳᠬᠡᠯ ᠡᠬᠢᠯᠡᠯ᠎ᠡ᠃ 38 ᠳᠠᠬᠢ ᠤᠳᠠᠭ᠎ᠠ ᠵᠣᠬᠢᠶᠠᠨ ᠪᠠᠶᠢᠭᠤᠯᠤᠭᠳᠠᠬᠤ ᠭᠡᠵᠦ ᠪᠤᠢ ᠡᠯ᠎ᠡ ᠨᠠᠭᠠᠳᠤᠮ ᠳᠤ 《ᠤᠷᠤᠯᠳᠤᠬᠤ》ᠰᠢᠯᠦᠭ ᠢ ᠡᠨᠡ ᠰᠠᠷ᠎ᠠ ᠶᠢᠨ 29 ᠬᠦᠷᠲᠡᠯ᠎ᠡ ᠬᠦᠯᠢᠶᠡᠨ ᠠᠪᠬᠤ ᠶᠤᠮ᠃ ᠲᠡᠭᠦᠨᠴᠢᠯᠡᠨ ᠪᠦᠷᠢᠳᠬᠡᠯ ᠦᠨ ᠬᠤᠷᠢᠶᠠᠮᠵᠢ ᠭᠤᠷᠪᠠᠨ ᠮᠢᠩᠭᠠᠨ ᠲᠥᠭᠥᠷᠢᠭ ᠶᠤᠮ ᠪᠠᠢᠨ᠎ᠠ᠃ ᠨᠠᠭᠠᠳᠤᠮ ᠳᠤ ᠤᠷᠤᠯᠴᠠᠬᠤ ᠨᠠᠶᠢᠷᠠᠭᠴᠢᠳ ᠵᠥᠪᠬᠡᠨ ᠡᠨᠡ ᠣᠨ ᠳᠤ ᠪᠢᠴᠢᠭᠰᠡᠨ ᠬᠣᠶᠠᠷ ᠰᠢᠯᠦᠭ ᠢᠶᠡᠨ ᠪᠥᠷᠢᠳᠬᠡᠭᠦᠯᠬᠦ ᠶᠤᠮ ᠪᠠᠶᠢᠨ᠎ᠠ᠃ ᠡᠨᠡ ᠵᠢᠯ ᠦᠨ ᠬᠤᠪᠢ ᠳᠤ ᠲᠠᠬᠤᠯ ᠡᠭᠦᠰᠦᠭᠰᠡᠨ ᠲᠡᠢ ᠬᠣᠯᠪᠣᠭᠠᠲᠠᠢ ᠪᠠᠷ ᠬᠡᠵᠢᠶ᠎ᠡ᠂ ᠬᠠᠮᠢᠭ᠎ᠠ ᠪᠣᠯᠬᠤ ᠨᠢ ᠣᠳᠣ ᠪᠠᠷ ᠲᠣᠳᠣᠷᠬᠠᠢ ᠦᠭᠡᠢ ᠪᠠᠶᠢᠨ᠎ᠠ᠃