《ᠤᠷᠠᠨ ᠪᠢᠴᠢᠪᠦᠷᠢ》 ᠴᠠᠬᠢᠮ ᠤᠷᠤᠯᠳᠤᠭᠠᠨ ᠵᠠᠷᠯᠠᠪᠠ  | News.MN

《ᠤᠷᠠᠨ ᠪᠢᠴᠢᠪᠦᠷᠢ》 ᠴᠠᠬᠢᠮ ᠤᠷᠤᠯᠳᠤᠭᠠᠨ ᠵᠠᠷᠯᠠᠪᠠ 

ᠲᠦᠪ ᠠᠶᠢᠮᠠᠭ ᠤᠨ ᠢᠷᠭᠡᠳ ᠦᠨ ᠲᠥᠯᠥᠭᠡᠯᠡᠭᠴᠢᠳ ᠦᠨ ᠬᠤᠷᠠᠯ᠂ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ ᠠᠴᠠ ᠦᠨᠳᠦᠰᠦᠨ ᠬᠠᠤᠯᠢ ᠶᠢᠨ ᠡᠳᠦᠷ ᠢ ᠠᠶᠢᠮᠠᠭ ᠤᠨ ᠬᠡᠮᠵᠢᠶᠡᠨ ᠳᠦ ᠲᠡᠮᠳᠡᠭᠯᠡᠨ ᠥᠩᠭᠡᠷᠡᠭᠦᠯᠬᠦ ᠠᠵᠢᠯ ᠤᠨ ᠬᠦᠷᠢᠶᠡᠨ ᠳᠦ 《ᠤᠷᠠᠨ ᠪᠢᠴᠢᠪᠦᠷᠢ》 ᠴᠠᠬᠢᠮ ᠤᠷᠤᠯᠳᠤᠭᠠᠨ ᠢ ᠵᠠᠷᠯᠠᠵᠠᠢ᠃ ᠲᠣᠳᠣᠷᠠᠭᠤᠯᠪᠠᠯ᠂ ᠮᠣᠩᠭᠣᠯ ᠤᠯᠤᠰ ᠲᠤ ᠰᠢᠨ᠎ᠡ ᠦᠨᠳᠦᠰᠦᠨ ᠬᠠᠤᠯᠢ ᠪᠠᠲᠤᠯᠠᠭᠳᠠᠭᠰᠠᠨ ᠤ 29 ᠵᠢᠯ ᠦᠨ ᠣᠢ᠂ ᠮᠣᠩᠭᠣᠯ ᠤᠯᠤᠰ ᠤᠨ ᠦᠨᠳᠦᠰᠦᠨ ᠬᠠᠤᠯᠢ ᠶᠢᠨ ᠡᠳᠦᠷ ᠢ ᠲᠣᠬᠢᠶᠠᠯᠳᠤᠭᠤᠯᠤᠨ ᠲᠤᠰ ᠤᠷᠤᠯᠳᠤᠭᠠᠨ ᠢ ᠵᠠᠷᠯᠠᠭᠰᠠᠨ ᠠᠵᠠᠢ᠃
ᠲᠤᠰ ᠤᠷᠤᠯᠳᠤᠭᠠᠨ ᠢ ᠭᠤᠷᠪᠠᠨ ᠬᠡᠰᠡᠭ ᠢᠶᠡᠷ ᠵᠣᠬᠢᠶᠠᠨ ᠪᠠᠶᠢᠭᠤᠯᠵᠤ ᠪᠠᠶᠢᠨ᠎ᠠ᠃ ᠡᠭᠦᠨ ᠳᠦ᠄  ᠮᠣᠩᠭᠣᠯ ᠤᠯᠤᠰ ᠤᠨ ᠠᠩᠬᠠᠳᠤᠭᠠᠷ ᠦᠨᠳᠦᠰᠦᠨ ᠬᠠᠤᠯᠢ ᠶᠢᠨ ᠨᠢᠭᠡᠳᠦᠭᠡᠷ ᠵᠦᠢᠯ᠄ ᠪᠦᠬᠦ ᠮᠣᠩᠭᠣᠯ ᠤᠯᠤᠰ ᠢ ᠡᠭᠦᠨ ᠡᠴᠡ ᠬᠣᠶᠢᠰᠢ ᠪᠦᠭᠦᠳᠡ ᠨᠠᠶᠢᠷᠠᠮᠳᠠᠬᠤ ᠪᠦᠷᠢᠨ ᠡᠷᠬᠡᠲᠦ ᠠᠷᠠᠳ ᠤᠯᠤᠰ ᠭᠡᠵᠦ ᠤᠯᠤᠰ ᠤᠨ ᠳᠡᠭᠡᠳᠦ ᠡᠷᠬᠡ ᠶᠢ ᠵᠢᠩᠬᠢᠨᠢ ᠠᠷᠠᠳ ᠲᠤ ᠰᠢᠯᠵᠢᠭᠦᠯᠦᠨ᠂ ᠤᠯᠤᠰ ᠤᠨ ᠠᠯᠢᠪᠠ ᠬᠡᠷᠡᠭ ᠢ ᠤᠯᠤᠰ ᠤᠨ ᠶᠡᠬᠡ ᠬᠤᠷᠠᠯ ᠪᠠ ᠮᠥᠨ ᠬᠤᠷᠠᠯ ᠢᠶᠠᠷ ᠰᠣᠩᠭᠣᠭᠳᠠᠭᠰᠠᠨ ᠵᠠᠰᠠᠭ ᠤᠨ ᠭᠠᠵᠠᠷ ᠠᠴᠠ ᠭᠦᠢᠴᠡᠳᠭᠡᠨ ᠰᠢᠢᠳᠭᠡᠬᠦᠯᠬᠦ ᠶᠠᠪᠤᠳᠠᠯ ᠢ ᠨᠡᠶᠢᠲᠡ ᠪᠡᠷ ᠰᠦᠰᠦᠭᠯᠡᠨ ᠳᠠᠭᠠᠪᠠᠯ ᠵᠣᠬᠢᠨ᠎ᠠ ᠭᠡᠰᠡᠨ ᠢ ᠮᠣᠩᠭᠣᠯ ᠪᠢᠴᠢᠭ ᠦᠨ ᠤᠷᠠᠨ ᠪᠢᠴᠢᠪᠦᠷᠢ ᠪᠡᠷ ᠪᠢᠴᠢᠵᠦ ᠢᠷᠡᠭᠦᠯᠬᠦ᠂《ᠦᠨᠳᠦᠰᠦᠨ ᠬᠠᠤᠯᠢ ᠪᠠ ᠬᠡᠦᠬᠡᠳ ᠬᠠᠮᠠᠭᠠᠯᠠᠯ》 ᠰᠡᠳᠦᠪᠲᠦ ᠡᠰᠰᠸ ᠪᠢᠴᠢᠯᠭᠡ ᠶᠢᠨ ᠤᠷᠤᠯᠳᠤᠭᠠᠨ ᠪᠠ《ᠰᠢᠲᠠᠷ᠎ᠠ ᠶᠢᠨ ᠤᠨᠯᠠᠢᠨ ᠲᠡᠮᠡᠴᠡᠭᠡᠨ》ᠵᠣᠬᠢᠶᠠᠨ  ᠪᠠᠢᠭᠤᠯᠤᠨ᠎ᠠ᠃

ᠰᠡᠳᠬᠢᠭᠳᠡᠯ ᠦᠯᠡᠳᠡᠭᠡᠬᠦ