ᠠᠩᠬᠠᠳᠤᠭᠠᠷ ᠦᠨᠳᠦᠰᠦᠨ ᠬᠠᠤᠯᠢ ᠶᠢᠨ ᠡᠬᠡ ᠶᠢᠨ ᠬᠠᠭᠤᠯᠪᠤᠷᠢ ᠶᠢ ᠵᠠᠯᠠᠪᠠ  | News.MN

ᠠᠩᠬᠠᠳᠤᠭᠠᠷ ᠦᠨᠳᠦᠰᠦᠨ ᠬᠠᠤᠯᠢ ᠶᠢᠨ ᠡᠬᠡ ᠶᠢᠨ ᠬᠠᠭᠤᠯᠪᠤᠷᠢ ᠶᠢ ᠵᠠᠯᠠᠪᠠ 

 

ᠮᠣᠩᠭᠣᠯ ᠤᠯᠤᠰ ᠤᠨ ᠦᠨᠳᠦᠰᠦᠨ ᠬᠠᠤᠯᠢ ᠶᠢᠨ ᠰᠡᠴᠡ᠂ ᠠᠷᠬᠢᠪ ᠤᠨ ᠶᠡᠷᠦᠩᠬᠡᠢ ᠭᠠᠵᠠᠷ ᠬᠠᠮᠲᠤᠷᠠᠨ ᠮᠣᠩᠭᠣᠯ ᠤᠯᠤᠰ ᠤᠨ ᠦᠨᠳᠦᠰᠦᠨ ᠬᠠᠤᠯᠢ ᠶᠢᠨ ᠡᠳᠦᠷ ᠢ ᠲᠣᠬᠢᠶᠠᠯᠳᠤᠭᠤᠯᠤᠨ ᠠᠩᠬᠠᠳᠤᠭᠠᠷ ᠦᠨᠳᠦᠰᠦᠨ ᠬᠠᠤᠯᠢ ᠶᠢᠨ ᠡᠬᠡ ᠶᠢᠨ ᠬᠠᠭᠤᠯᠪᠤᠷᠢ ᠶᠢ ᠦᠨᠳᠦᠰᠦᠨ ᠬᠠᠤᠯᠢ ᠶᠢᠨ ᠰᠡᠴᠡ ᠶᠢᠨ ᠣᠷᠳᠣᠨ ᠤ ᠬᠦᠨᠳᠦᠳᠬᠡᠯ ᠦᠨ ᠲᠠᠩᠬᠢᠮ ᠳᠤ 01-13 ᠳᠦ ᠵᠠᠯᠠᠯ᠎ᠠ᠃
ᠠᠩᠬᠠᠳᠤᠭᠠᠷ ᠦᠨᠳᠦᠰᠦᠨ ᠬᠠᠤᠯᠢ ᠶᠢ 1924 ᠣᠨ ᠤ 11 ᠳ᠋ᠤᠭᠡᠷ ᠰᠠᠷ᠎ᠠ ᠶᠢᠨ 26 ᠍ ᠤ ᠡᠳᠦᠷ ᠪᠠᠲᠤᠯᠠᠭᠰᠠᠨ ᠪᠢᠯᠡ᠃ ᠲᠡᠭᠦᠪᠡᠷ ᠪᠦᠭᠦᠳᠡ ᠨᠠᠶᠢᠷᠠᠮᠳᠠᠬᠤ ᠤᠯᠤᠰ᠂ ᠲᠡᠭᠦᠨ ᠦ ᠲᠤᠰᠠᠭᠠᠷ ᠲᠣᠭᠲᠠᠨᠢᠯ ᠢ ᠦᠨᠳᠦᠰᠦᠨ ᠬᠠᠤᠯᠢ ᠶᠢᠨ ᠬᠡᠮᠵᠢᠶᠡᠨ ᠳᠦ ᠲᠤᠩᠬᠠᠭᠯᠠᠭᠰᠠᠨ ᠳᠤ ᠲᠡᠦᠬᠡᠨ ᠣᠨᠴᠠᠭᠠᠢ ᠠᠴᠢ ᠬᠣᠯᠪᠣᠭᠳᠠᠯ ᠨᠢ ᠣᠷᠣᠰᠢᠵᠤ ᠪᠠᠶᠢᠳᠠᠭ᠃ ᠮᠣᠩᠭᠣᠯ ᠤᠯᠤᠰ ᠤᠨ ᠦᠨᠳᠦᠰᠦᠨ ᠬᠠᠤᠯᠢ ᠶᠢᠨ ᠬᠥᠭᠵᠢᠯ ᠦᠨ ᠣᠷᠴᠢᠨ ᠦᠶ᠎ᠡ ᠶᠢᠨ ᠰᠢᠨ᠎ᠡ ᠲᠡᠦᠬᠡ᠂ ᠦᠨᠳᠦᠰᠦᠨ  ᠬᠠᠤᠯᠢᠲᠤ ᠶᠣᠰᠣ ᠡᠭᠦᠰᠴᠦ ᠬᠥᠭᠵᠢᠬᠦ ᠰᠠᠭᠤᠷᠢ ᠨᠢ ᠡᠶᠢᠨᠬᠦᠦ 1924 ᠣᠨ ᠤ ᠦᠨᠳᠦᠰᠦᠨ ᠬᠠᠤᠯᠢ ᠠᠴᠠ ᠡᠬᠢᠯᠡᠯ ᠲᠡᠢ᠃ ᠡᠮᠦᠨ᠎ᠡ ᠨᠢ ᠮᠣᠩᠭᠣᠯ ᠤᠯᠤᠰ ᠤᠨ ᠦᠨᠳᠦᠰᠦᠨ ᠬᠠᠤᠯᠢ ᠶᠢᠨ ᠰᠡᠴᠡ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠤᠨ ᠡᠳᠦᠷ ᠢ ᠲᠣᠬᠢᠶᠠᠯᠳᠤᠭᠤᠯᠤᠨ 1992 ᠣᠨ ᠤ ᠮᠣᠩᠭᠣᠯ ᠤᠯᠤᠰ ᠤᠨ ᠦᠨᠳᠦᠰᠦᠨ ᠬᠠᠤᠯᠢ ᠶᠢᠨ ᠪᠢᠴᠢᠪᠦᠷᠢ ᠶᠢ ᠮᠣᠩᠭᠣᠯ ᠪᠢᠴᠢᠭ ᠲᠦ ᠬᠥᠷᠪᠡᠭᠦᠯᠦᠭᠰᠡᠨ ᠬᠠᠮᠤᠭ ᠤᠨ ᠲᠣᠮᠣ ᠬᠤᠪᠢᠯᠪᠤᠷᠢ ᠶᠢ ᠵᠠᠯᠠᠭᠰᠠᠨ ᠪᠢᠯᠡ᠃

ᠰᠡᠳᠬᠢᠭᠳᠡᠯ ᠦᠯᠡᠳᠡᠭᠡᠬᠦ