ᠴᠠᠭᠠᠨ ᠰᠠᠷ᠎ᠠ ᠪᠠᠷ ᠪᠥᠬᠡ ᠪᠠᠷᠢᠯᠳᠤᠬᠤ ᠡᠰᠡᠬᠦ ᠶᠢ 25 ᠍ ᠳᠦ ᠰᠢᠢᠳᠦᠨ᠎ᠡ  | News.MN

ᠴᠠᠭᠠᠨ ᠰᠠᠷ᠎ᠠ ᠪᠠᠷ ᠪᠥᠬᠡ ᠪᠠᠷᠢᠯᠳᠤᠬᠤ ᠡᠰᠡᠬᠦ ᠶᠢ 25 ᠍ ᠳᠦ ᠰᠢᠢᠳᠦᠨ᠎ᠡ 

 

ᠤᠯᠤᠰ ᠤᠨ ᠣᠨᠴᠠᠭᠠᠢ ᠺᠣᠮᠢᠰ ᠠᠴᠠ ᠡᠨᠡ ᠵᠢᠯ ᠦᠨ ᠰᠠᠷ᠎ᠠ ᠰᠢᠨ᠎ᠡ ᠶᠢᠨ ᠪᠠᠶᠠᠷ ᠢ ᠲᠡᠮᠳᠡᠭᠯᠡᠬᠦ ᠦᠭᠡᠢ ᠪᠠᠶᠢᠬᠤ ᠰᠢᠢᠳᠪᠦᠷᠢ ᠭᠠᠷᠭᠠᠭᠰᠠᠨ᠃ ᠭᠡᠬᠦ ᠳᠦ ᠪᠡᠨ ᠬᠦᠴᠦᠲᠦ ᠪᠥᠬᠡ ᠶᠢᠨ ᠪᠠᠷᠢᠯᠳᠤᠭᠠᠨ ᠪᠣᠯᠬᠤ ᠪᠣᠯᠪᠠ ᠤᠤ ᠭᠡᠰᠡᠨ ᠬᠦᠯᠢᠶᠡᠯᠲᠡ ᠠᠷᠠᠳ ᠢᠷᠭᠡᠳ ᠦᠨ ᠳᠤᠮᠳᠠ ᠪᠠᠶᠢᠭᠰᠠᠭᠠᠷ ᠪᠠᠶᠢᠨ᠎ᠠ᠃ ᠬᠠᠯᠳᠠᠪᠤᠷᠢ ᠬᠠᠮᠠᠭᠠᠯᠠᠯ ᠤᠨ ᠳᠢᠭᠯᠢᠮ ᠢᠶᠡᠨ ᠰᠠᠶᠢᠲᠤᠷ ᠪᠠᠷᠢᠮᠲᠠᠯᠠᠵᠤ᠂ 128 ᠪᠥᠬᠡ ᠶᠢᠨ ᠪᠠᠷᠢᠯᠳᠤᠭᠠᠨ ᠵᠣᠬᠢᠶᠠᠨ ᠪᠠᠶᠢᠭᠤᠯᠤᠨ᠎ᠠ ᠭᠡᠰᠡᠨ ᠮᠡᠳᠡᠭᠡᠯᠡᠯ ᠭᠠᠷᠤᠭᠰᠠᠨ ᠲᠤᠯᠠ ᠮᠣᠩᠭᠣᠯ ᠤᠨ ᠦᠨᠳᠦᠰᠦᠨ ᠦ ᠪᠥᠬᠡ ᠶᠢᠨ ᠬᠣᠯᠪᠣᠭ᠎ᠠ ᠤ ᠳᠡᠳ᠋ ᠲᠡᠷᠢᠭᠦᠨ ᠼ∙ᠮᠠᠭᠠᠯᠵᠠᠪ ᠠᠴᠠ ᠲᠣᠳᠣᠷᠠᠭᠤᠯᠬᠤ ᠳᠤ᠄ ᠴᠠᠭᠠᠨ ᠰᠠᠷ᠎ᠠ ᠶᠢᠨ ᠪᠠᠷᠢᠯᠳᠤᠭᠠᠨ ᠢ ᠵᠣᠬᠢᠶᠠᠨ ᠪᠠᠶᠢᠭᠤᠯᠬᠤ ᠡᠰᠡᠬᠦ ᠲᠠᠯ᠎ᠠ ᠪᠠᠷ ᠲᠣᠳᠣᠷᠬᠠᠢ ᠰᠢᠢᠳᠪᠦᠷᠢ ᠭᠠᠷᠤᠭ᠎ᠠ ᠦᠭᠡᠢ ᠪᠠᠶᠢᠨ᠎ᠠ᠃ ᠡᠨᠡ ᠰᠠᠷ᠎ᠠ ᠶᠢᠨ 25 ᠬᠦᠷᠲᠡᠯ᠎ᠡ ᠰᠤᠳᠤᠯᠵᠤ᠂ ᠪᠠᠷᠢᠯᠳᠤᠭᠠᠨ ᠢ ᠵᠣᠬᠢᠶᠠᠨ ᠪᠠᠶᠢᠭᠤᠯᠬᠤ ᠡᠰᠡᠬᠦ ᠶᠢ ᠤᠯᠤᠰ ᠤᠨ ᠣᠨᠴᠠᠭᠠᠢ ᠺᠣᠮᠢᠰ ᠰᠢᠢᠳᠦᠨ᠎ᠡ᠃ ᠬᠡᠷᠪᠡ ᠪᠠᠷᠢᠯᠳᠤᠭᠤᠯᠬᠤ ᠪᠣᠯᠪᠠᠯ ᠦᠵᠡᠭᠴᠢ ᠦᠭᠡᠢ ᠪᠡᠷ 128 ᠪᠥᠬᠡ ᠶᠢ ᠪᠠᠷᠢᠯᠳᠤᠭᠤᠯᠤᠨ᠎ᠠ ᠭᠡᠪᠡ᠃

ᠰᠡᠳᠬᠢᠭᠳᠡᠯ ᠦᠯᠡᠳᠡᠭᠡᠬᠦ