ᠸᠠᠺᠼᠢᠨ ᠢ ᠶᠠᠭᠠᠷᠠᠯᠲᠠᠢ ᠵᠢᠷᠤᠮ ᠢᠶᠠᠷ ᠪᠦᠷᠢᠳᠬᠡᠬᠦ ᠵᠥᠪᠰᠢᠶᠡᠷᠡᠯ ᠣᠯᠭᠤᠪᠠ  | News.MN

ᠸᠠᠺᠼᠢᠨ ᠢ ᠶᠠᠭᠠᠷᠠᠯᠲᠠᠢ ᠵᠢᠷᠤᠮ ᠢᠶᠠᠷ ᠪᠦᠷᠢᠳᠬᠡᠬᠦ ᠵᠥᠪᠰᠢᠶᠡᠷᠡᠯ ᠣᠯᠭᠤᠪᠠ 

ᠮᠣᠩᠭᠣᠯ ᠤᠯᠤᠰ ᠤᠨ ᠵᠠᠰᠠᠭ ᠤᠨ ᠭᠠᠵᠠᠷ ᠤᠨ ᠡᠭᠡᠯᠵᠢᠲᠦ ᠬᠤᠷᠠᠯ 2021 ᠣᠨ ᠤ ᠨᠢᠭᠡᠳᠦᠭᠡᠷ ᠰᠠᠷ᠎ᠠ ᠶᠢᠨ 13 ᠍ ᠤ ᡀᠠᠭᠪᠠ ᠭᠠᠷᠠᠭ ᠲᠤ ᠪᠣᠯᠵᠤ᠂ ᠺᠣᠷᠤᠨᠠᠸᠢᠷᠦ᠋ᠰᠲᠦ ᠬᠠᠯᠳᠠᠪᠤᠷᠢ ᠶᠢᠨ ᠴᠠᠷ᠎ᠠ ᠲᠠᠬᠤᠯ ᠤᠨ ᠨᠥᠬᠥᠴᠡᠯ ᠪᠠᠶᠢᠳᠠᠯ᠂ ᠠᠪᠴᠤ ᠬᠡᠷᠡᠭᠵᠢᠭᠦᠯᠵᠦ ᠪᠤᠢ ᠬᠠᠷᠢᠭᠤ ᠠᠷᠭ᠎ᠠ ᠬᠡᠮᠵᠢᠶᠡᠨ ᠦ ᠲᠠᠯ᠎ᠠ ᠪᠠᠷ ᠮᠣᠩᠭᠣᠯ ᠤᠯᠤᠰ ᠤᠨ ᠰᠢᠳᠠᠷ ᠰᠠᠶᠢᠳ᠂ ᠤᠯᠤᠰ ᠤᠨ ᠣᠨᠴᠠᠭᠠᠢ ᠺᠣᠮᠢᠰ ᠤᠨ ᠳᠠᠷᠤᠭ᠎ᠠ ᠶᠠ᠊ ∙ᠰᠤᠳᠤᠪᠠᠭᠠᠲᠤᠷ ᠤᠨ ᠮᠡᠳᠡᠭᠡᠯᠡᠯ ᠢ ᠵᠠᠰᠠᠭ ᠤᠨ ᠭᠠᠵᠠᠷ ᠤᠨ ᠭᠡᠰᠢᠭᠦᠳ ᠰᠤᠨᠤᠰᠪᠠ᠃
2021 ᠣᠨ ᠤ ᠨᠢᠭᠡᠳᠦᠭᠡᠷ ᠰᠠᠷ᠎ᠠ ᠶᠢᠨ 10 ᠍ ᠤ ᠡᠳᠦᠷ ᠡᠷᠡᠭᠦᠯ ᠮᠡᠨᠳᠦ ᠶᠢᠨ ᠶᠠᠮᠤᠨ ᠤ ᠳᠡᠷᠭᠡᠳᠡᠬᠢ ᠬᠦᠮᠦᠨ ᠦ ᠡᠮ ᠦᠨ ᠵᠥᠪᠯᠡᠯ᠂ ᠳᠠᠷᠬᠠᠯᠠᠭᠠᠵᠢᠭᠤᠯᠤᠯᠲᠠ ᠶᠢᠨ ᠵᠥᠪᠯᠡᠬᠦ ᠬᠣᠷᠢᠶ᠎ᠠ ᠲᠠᠢ ᠬᠠᠮᠲᠤᠷᠠᠭᠰᠠᠨ ᠬᠤᠷᠠᠯ ᠬᠢᠵᠦ᠂ Pfizer᠂ AstraZeneca᠂ Moderna ᠺᠣᠮᠫᠠᠨᠢ ᠨᠤᠭᠤᠳ ᠤᠨ ᠸᠠᠺᠼᠢᠨ ᠢ ᠮᠣᠩᠭᠣᠯ ᠤᠯᠤᠰ ᠲᠤ ᠶᠠᠭᠠᠷᠠᠯᠲᠠᠢ ᠵᠢᠷᠤᠮ ᠢᠶᠠᠷ ᠪᠦᠷᠢᠳᠬᠡᠬᠦ ᠵᠥᠪᠰᠢᠶᠡᠷᠡᠯ ᠣᠯᠭᠤᠭᠰᠠᠨ ᠪᠠᠶᠢᠨ᠎ᠠ᠃ ᠮᠥᠨ ᠸᠠᠺᠼᠢᠨ ᠳᠤ ᠡᠬᠢᠨ ᠦ ᠡᠭᠡᠯᠵᠢᠨ ᠳᠦ ᠬᠠᠮᠤᠷᠤᠭᠳᠠᠬᠤ ᠬᠠᠯᠳᠠᠪᠤᠷᠢ ᠶᠢᠨ ᠭᠣᠯᠣᠮᠲᠠ ᠳᠤ ᠠᠵᠢᠯᠯᠠᠵᠤ ᠪᠤᠢ ᠡᠷᠡᠭᠦᠯ ᠮᠡᠨᠳᠦ ᠶᠢᠨ ᠠᠵᠢᠯᠲᠠᠳ᠂ 70 ᠍ ᠠᠴᠠ ᠳᠡᠭᠡᠭᠰᠢ ᠨᠠᠰᠤᠨ ᠤ ᠠᠬᠠᠮᠠᠳ ᠤᠳ ᠤᠨ ᠰᠤᠳᠤᠯᠭ᠎ᠠ ᠶᠢ ᠭᠠᠷᠭᠠᠵᠤ ᠪᠠᠶᠢᠨ᠎ᠠ᠃

ᠰᠡᠳᠬᠢᠭᠳᠡᠯ ᠦᠯᠡᠳᠡᠭᠡᠬᠦ