《ᠬᠠᠷᠠᠩᠭ᠎ᠠ》ᠬᠠᠮᠲᠤᠯᠢᠭ ᠴᠡᠷᠢᠭ ᠦᠨ ᠴᠢᠭᠤᠯᠭ᠎ᠠ ᠲᠠᠢ ᠬᠠᠮᠲᠤᠷᠠᠨ᠎ᠠ | News.MN

《ᠬᠠᠷᠠᠩᠭ᠎ᠠ》ᠬᠠᠮᠲᠤᠯᠢᠭ ᠴᠡᠷᠢᠭ ᠦᠨ ᠴᠢᠭᠤᠯᠭ᠎ᠠ ᠲᠠᠢ ᠬᠠᠮᠲᠤᠷᠠᠨ᠎ᠠ

 

ᠮᠣᠩᠭᠣᠯ ᠤᠯᠤᠰ ᠤᠨ ᠠᠩᠬᠠᠨ ᠤ ᠲᠠᠪᠤᠨ ᠶᠠᠮᠤᠨ ᠤ ᠨᠢᠭᠡ ᠪᠠᠲᠤᠯᠠᠨ ᠬᠠᠮᠠᠭᠠᠯᠠᠬᠤ ᠶᠠᠮᠤᠨ ᠪᠠᠢᠭᠤᠯᠤᠭᠳᠠᠭᠰᠠᠨ ᠤ 110᠂ ᠣᠷᠴᠢᠨ ᠴᠠᠭ ᠤᠨ ᠵᠡᠪᠰᠡᠭᠲᠦ ᠬᠦᠴᠦᠨ ᠡᠭᠦᠰᠦᠨ ᠪᠠᠢᠭᠤᠯᠤᠭᠳᠠᠭᠰᠠᠨ ᠤ 100 ᠵᠢᠯ ᠦᠨ ᠣᠢ ᠡᠨᠡ ᠣᠨ ᠳᠤ ᠲᠣᠬᠢᠶᠠᠵᠤ ᠪᠠᠶᠢᠨ᠎ᠠ᠃ ᠲᠡᠦᠬᠡᠨ ᠤᠢ  ᠨᠤᠭᠤᠳ ᠢ ᠲᠡᠮᠳᠡᠭᠯᠡᠨ ᠦᠩᠭᠡᠷᠡᠭᠦᠯᠬᠦ  ᠲᠠᠯ᠎ᠠ ᠪᠠᠷ ᠪᠠᠲᠤᠯᠠᠨ ᠬᠠᠮᠠᠭᠠᠯᠠᠬᠤ ᠶᠢᠨ ᠳᠡᠳ᠋ ᠰᠠᠶᠢᠳ ᠪ ∙ ᠪᠠᠶᠠᠷᠮᠠᠩᠨᠠᠢ 《ᠬᠠᠷᠠᠩᠭ᠎ᠠ》 ᠬᠠᠮᠲᠤᠯᠢᠭ ᠤᠨ ᠤᠷᠠᠨ ᠪᠦᠲᠦᠭᠡᠯᠴᠢᠳ ᠢ ᠬᠦᠯᠢᠶᠡᠨ ᠠᠪᠴᠤ ᠠᠭᠤᠯᠵᠠᠵᠤ ᠰᠠᠨᠠᠯ ᠰᠣᠯᠢᠯᠴᠠᠭᠰᠠᠨ ᠪᠠᠶᠢᠨ᠎ᠠ᠃

ᠡᠬᠡ ᠣᠷᠣᠨ ᠢᠶᠠᠷ ᠢᠶᠠᠨ ᠪᠠᠬᠠᠷᠬᠠᠬᠤ᠂ ᠢᠷᠡᠭᠡᠳᠦᠢ ᠪᠣᠯᠤᠭᠰᠠᠨ ᠬᠡᠦᠬᠡᠳ᠂ ᠵᠠᠯᠠᠭᠤᠰ ᠲᠤ ᠡᠬᠡ ᠣᠷᠣᠨᠴᠢ ᠦᠵᠡᠯ ᠬᠦᠮᠦᠵᠢᠯ ᠲᠥᠯᠦᠪᠰᠢᠭᠦᠯᠬᠦ᠂ ᠡᠬᠡ ᠣᠷᠣᠨ ᠤ ᠦᠨ᠎ᠡ ᠴᠡᠨ᠎ᠡ ᠶᠢ ᠣᠶᠢᠯᠠᠭᠠᠭᠤᠯᠬᠤ᠂ ᠠᠬᠠᠮᠠᠳ ᠳᠠᠶᠢᠴᠢᠳ ᠤᠨ ᠠᠯᠳᠠᠷ ᠭᠠᠪᠢᠶ᠎ᠠ ᠶᠢ ᠮᠥᠩᠬᠡᠵᠢᠭᠦᠯᠬᠦ᠂ ᠠᠷᠠᠳ ᠤᠨ ᠵᠢᠷᠤᠮᠲᠤ ᠴᠡᠷᠢᠭ ᠡᠴᠡ ᠡᠷᠡᠨ ᠴᠠᠭ ᠤᠨ ᠵᠡᠪᠰᠡᠭᠲᠦ ᠬᠦᠴᠦᠨ ᠦ ᠲᠡᠦᠬᠡ ᠶᠢ ᠤᠷᠠᠯᠢᠭ ᠢᠶᠠᠷ ᠳᠠᠮᠵᠢᠭᠤᠯᠤᠨ ᠢᠷᠭᠡᠳ᠂ ᠣᠯᠠᠨ ᠨᠡᠶᠢᠲᠡ ᠳᠦ ᠰᠤᠷᠲᠠᠯᠴᠢᠯᠠᠨ ᠲᠠᠨᠢᠭᠤᠯᠬᠤ ᠡᠭᠦᠳᠡᠨ ᠡᠴᠡ 《ᠬᠠᠷᠠᠩᠭ᠎ᠠ》ᠬᠠᠮᠲᠤᠯᠢᠭ ᠢ ᠣᠨᠴᠠᠯᠠᠭᠰᠠᠨ ᠭᠡᠳᠡᠭ ᠢᠶᠡᠨ ᠪ∙ᠪᠠᠶᠠᠷᠮᠠᠩᠨᠠᠢ ᠬᠡᠯᠡᠵᠡᠢ᠃

ᠰᠡᠳᠬᠢᠭᠳᠡᠯ ᠦᠯᠡᠳᠡᠭᠡᠬᠦ