ᠭᠠᠵᠠᠷ ᠤᠨ ᠲᠤᠰᠤᠨ ᠤ ᠦᠢᠯᠡᠳᠪᠦᠷᠢ ᠶᠢᠨ ᠳᠡᠳ᠋ ᠪᠦᠲᠦᠴᠡ ᠶᠢᠨ ᠪᠠᠷᠢᠯᠭ᠎ᠠ  ᠡᠬᠢᠯᠡᠯ᠎ᠡ | News.MN

ᠭᠠᠵᠠᠷ ᠤᠨ ᠲᠤᠰᠤᠨ ᠤ ᠦᠢᠯᠡᠳᠪᠦᠷᠢ ᠶᠢᠨ ᠳᠡᠳ᠋ ᠪᠦᠲᠦᠴᠡ ᠶᠢᠨ ᠪᠠᠷᠢᠯᠭ᠎ᠠ  ᠡᠬᠢᠯᠡᠯ᠎ᠡ

ᠳᠣᠷᠣᠨᠠᠭᠣᠪᠢ ᠠᠶᠢᠮᠠᠭ ᠲᠤ ᠪᠠᠷᠢᠭᠳᠠᠬᠤ ᠭᠠᠵᠠᠷ ᠤᠨ ᠲᠣᠰᠣ ᠪᠣᠯᠪᠠᠰᠤᠷᠠᠭᠤᠯᠬᠤ ᠦᠢᠯᠡᠳᠪᠦᠷᠢ ᠶᠢᠨ ᠳᠡᠳ᠋ ᠪᠦᠲᠦᠴᠡ ᠶᠢᠨ ᠪᠠᠷᠢᠯᠭ᠎ᠠ ᠶᠢᠨ ᠱᠠᠪ ᠲᠠᠯᠪᠢᠬᠤ ᠶᠣᠰᠣᠯᠠᠯ ᠥᠨᠥᠳᠥᠷ ᠪᠣᠯᠤᠯ᠎ᠠ᠃ ᠵᠢᠯ ᠳᠦ ᠪᠡᠨ 1.5 ᠰᠠᠶ᠎ᠠ ᠲᠣᠨ ᠲᠣᠰᠣ ᠪᠣᠯᠪᠠᠰᠤᠷᠠᠭᠤᠯᠬᠤ ᠬᠦᠴᠦᠨ ᠴᠢᠳᠠᠯ ᠲᠠᠢ ᠦᠢᠯᠡᠳᠪᠦᠷᠢ ᠶᠢᠨ ᠳᠡᠳ᠋ ᠪᠦᠲᠦᠴᠡ ᠶᠢᠨ ᠪᠠᠷᠢᠯᠭ᠎ᠠ ᠶᠢᠨ ᠱᠠᠪ ᠲᠠᠯᠪᠢᠬᠤ ᠶᠣᠰᠣᠯᠠᠯ ᠤᠨ ᠠᠵᠢᠯᠯᠠᠭᠠᠨ ᠳᠤ ᠡᠨᠡᠳᠬᠡᠭ ᠍ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠮ∙ᠫ∙ᠰᠢᠩᠾ᠂ ᠠᠶᠢᠮᠠᠭ ᠤᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠳᠠᠷᠤᠭ᠎ᠠ ᠪ ∙ ᠭᠠᠩᠵᠣᠷᠢᠭ᠂ ᠠᠶᠢᠮᠠᠭ ᠤᠨ ᠵᠠᠰᠠᠭ ᠳᠠᠷᠤᠭ᠎ᠠ ᠣ᠊ ∙ ᠪᠠᠲᠤᠵᠢᠷᠭᠠᠯ ᠵᠡᠷᠭᠡ ᠠᠯᠪᠠᠨ ᠤ ᠬᠦᠮᠦᠰ ᠤᠷᠤᠯᠴᠠᠪᠠ᠃
ᠶᠣᠰᠣᠯᠠᠯ ᠤᠨ ᠠᠷᠭ᠎ᠠ ᠬᠡᠮᠵᠢᠶᠡᠨ ᠳᠦ ᠬᠦᠨᠳᠦᠳᠬᠡᠯ ᠦᠵᠡᠭᠦᠯᠵᠦ ᠬᠦᠷᠦᠯᠴᠡᠨ ᠢᠷᠡᠭᠰᠡᠨ ᠡᠨᠡᠳᠬᠡᠭ ᠦᠨ ᠡᠯᠴᠢᠨ ᠰᠠᠶᠢᠳ ᠮ∙ᠫ∙ᠰᠢᠩᠾ  ᠳᠦ ᠲᠠᠯᠠᠷᠬᠠᠭᠰᠠᠨ ᠢᠶᠠᠨ ᠢᠯᠡᠷᠬᠡᠶᠢᠯᠡᠶ᠎ᠡ᠃ ᠲᠠ ᠪᠢᠳᠡᠨ ᠦ ᠬᠠᠮᠲᠤᠷᠠᠨ ᠪᠦᠲᠦᠭᠡᠬᠦ ᠡᠨᠡ ᠦᠢᠯᠡᠳᠪᠦᠷᠢ ᠳᠣᠷᠣᠨᠠᠭᠣᠪᠢ ᠠᠶᠢᠮᠠᠭ ᠲᠤ ᠲᠡᠳᠦᠢ ᠦᠭᠡᠢ ᠮᠣᠩᠭᠣᠯ ᠤᠯᠤᠰ ᠤᠨ ᠬᠡᠮᠵᠢᠶᠡᠨ ᠳᠦ ᠦᠷ᠎ᠡ ᠠᠰᠢᠭ ᠢᠶᠠᠨ ᠥᠭᠬᠦ ᠲᠣᠮᠣᠬᠠᠨ ᠦᠢᠯᠡᠳᠪᠦᠷᠢ ᠪᠣᠯᠤᠨ᠎ᠠ ᠭᠡᠳᠡᠭ ᠲᠦ ᠢᠲᠡᠭᠡᠯ ᠲᠡᠢ ᠪᠠᠶᠢᠨ᠎ᠠ ᠭᠡᠵᠦ ᠵᠠᠰᠠᠭ ᠳᠠᠷᠤᠭ᠎ᠠ ᠣ᠊ ∙ ᠪᠠᠲᠤᠵᠢᠷᠭᠠᠯ ᠨᠡᠭᠡᠭᠡᠯᠲᠡ ᠶᠢᠨ ᠦᠶ᠎ᠡ ᠪᠡᠷ ᠣᠨᠴᠠᠯᠠᠨ ᠲᠡᠮᠳᠡᠭᠯᠡᠪᠡ ᠃

ᠰᠡᠳᠬᠢᠭᠳᠡᠯ ᠦᠯᠡᠳᠡᠭᠡᠬᠦ