ᠮᠣᠩᠭᠣᠯ ᠣᠷᠣᠰ ᠤᠨ ᠨᠠᠶᠢᠷᠠᠮᠳᠠᠯ ᠤᠨ ᠰᠠᠷ᠎ᠠ ᠶᠢᠨ ᠠᠶᠠᠨ ᠍ ᠤ ᠠᠭᠤᠯᠵᠠᠯᠲᠠ ᠪᠣᠯᠤᠯ᠎ᠠ  | News.MN

ᠮᠣᠩᠭᠣᠯ ᠣᠷᠣᠰ ᠤᠨ ᠨᠠᠶᠢᠷᠠᠮᠳᠠᠯ ᠤᠨ ᠰᠠᠷ᠎ᠠ ᠶᠢᠨ ᠠᠶᠠᠨ ᠍ ᠤ ᠠᠭᠤᠯᠵᠠᠯᠲᠠ ᠪᠣᠯᠤᠯ᠎ᠠ 

ᠣᠷᠬᠣᠨ ᠠᠶᠢᠮᠠᠭ ᠵᠢᠯ ᠪᠦᠷᠢ ᠶᠢᠨ ᠠᠷᠪᠠᠳᠤᠭᠠᠷ ᠰᠠᠷ᠎ᠠ ᠳᠤ ᠮᠣᠩᠭᠣᠯ ᠣᠷᠣᠰ ᠤᠨ ᠨᠠᠶᠢᠷᠠᠮᠳᠠᠯ ᠤᠨ ᠰᠠᠷ᠎ᠠ ᠶᠢ ᠲᠡᠮᠳᠡᠭᠯᠡᠳᠡᠭ ᠤᠯᠠᠮᠵᠢᠯᠠᠯ ᠲᠠᠢ᠃ ᠡᠨᠡ ᠵᠢᠯ ᠴᠠᠷ᠎ᠠ ᠲᠠᠬᠤᠯ ᠤᠨ ᠤᠯᠠᠮ ᠠᠴᠠ ᠣᠯᠠᠨ ᠨᠡᠶᠢᠲᠡ ᠳᠦ ᠴᠢᠭᠯᠡᠭᠰᠡᠨ ᠦᠢᠯᠡ ᠠᠵᠢᠯᠯᠠᠭ᠎ᠠ ᠵᠣᠬᠢᠶᠠᠨ ᠪᠠᠶᠢᠭᠤᠯᠬᠤ ᠪᠣᠯᠤᠮᠵᠢ ᠦᠭᠡᠢ ᠪᠣᠯᠤᠭᠰᠠᠨ ᠲᠤᠯᠠ ᠲᠦᠷ ᠬᠣᠶᠢᠰᠢᠯᠠᠭᠤᠯᠤᠭᠰᠠᠨ᠃ ᠬᠠᠷᠢᠨ ᠥᠩᠭᠡᠷᠡᠭᠰᠡᠨ ᠪᠠᠰᠠᠩ ᠭᠠᠷᠠᠭ ᠲᠤ ᠠᠶᠢᠮᠠᠭ ᠤᠨ ᠤᠳᠤᠷᠢᠳᠤᠯᠭ᠎ᠠ ᠨᠠᠷ ᠡᠷᠳᠡᠨᠢᠲᠦ  ᠳᠤ ᠠᠮᠢᠳᠤᠷᠠᠵᠤ ᠪᠠᠶᠢᠭ᠎ᠠ ᠣᠷᠣᠰ ᠤᠨ ᠢᠷᠭᠡᠳ ᠪᠣᠯᠤᠨ ᠲᠤᠰ ᠤᠯᠤᠰ ᠠᠴᠠ ᠳᠠᠷᠬᠠᠨ-ᠠᠭᠤᠯᠠ ᠠᠶᠢᠮᠠᠭ ᠲᠤ ᠰᠠᠭᠤᠭ᠎ᠠ ᠶᠡᠷᠦᠩᠬᠡᠢ ᠺᠤᠨᠰᠦ᠋ᠯ  ᠷᠤᠰᠯᠠᠨ ᠠᠮᠢᠷᠣᠸᠢᠴ ᠽᠠᠢᠨᠤᠲᠳᠢᠨᠤᠸ᠋ ᠨᠠᠷ ᠢ ᠬᠦᠯᠢᠶᠡᠨ ᠠᠪᠴᠤ ᠠᠭᠤᠯᠵᠠᠯ᠎ᠠ᠃ ᠠᠭᠤᠯᠵᠠᠯᠲᠠ ᠶᠢᠨ ᠦᠶ᠎ᠡ ᠪᠡᠷ᠂ ᠠᠶᠢᠮᠠᠭ ᠤᠨ ᠵᠠᠰᠠᠭ ᠳᠠᠷᠤᠭ᠎ᠠ ᠰ ∙ ᠪᠠᠲᠤᠵᠢᠷᠭᠠᠯ ᠄ ᠪᠢᠳᠡ ᠮᠣᠩᠭᠣᠯ ᠣᠷᠣᠰ ᠤᠨ ᠨᠠᠶᠢᠷᠠᠮᠳᠠᠯ ᠬᠠᠮᠲᠤ ᠶᠢᠨ ᠠᠵᠢᠯᠯᠠᠭ᠎ᠠ ᠡᠬᠢᠯᠡᠭᠰᠡᠨ ᠴᠠᠭ ᠠᠴᠠ ᠰᠠᠷ᠎ᠠ ᠶᠢᠨ ᠠᠶᠠᠨ ᠢ ᠲᠡᠮᠳᠡᠭᠯᠡᠵᠦ ᠪᠠᠶᠢᠨ᠎ᠠ᠃ ᠦᠶ᠎ᠡ ᠦᠶ᠎ᠡ ᠶᠢᠨ ᠣᠷᠣᠰ ᠠᠬᠠᠨ ᠳᠡᠭᠦᠦᠰ ᠲᠦ ᠪᠡᠨ ᠴᠢᠨᠠᠭᠰᠢᠳᠠ ᠶᠢᠨ ᠠᠮᠢᠳᠤᠷᠠᠯ ᠳᠤ ᠨᠢ ᠠᠵᠠ ᠵᠢᠷᠭᠠᠯ᠂ ᠬᠠᠮᠤᠭ ᠤᠨ ᠰᠠᠶᠢᠨ ᠰᠠᠶᠢᠬᠠᠨ ᠪᠦᠬᠦᠨ ᠢ ᠬᠦᠰᠡᠨ ᠢᠷᠦᠭᠡᠶ᠎ᠡ ᠭᠡᠯ᠎ᠡ᠃
ᠮᠥᠨ ᠡᠨᠡ ᠣᠨ ᠳᠤ ᠮᠣᠩᠭᠣᠯ ᠤᠯᠤᠰ ᠣᠷᠣᠰ  ᠲᠠᠢ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 100 ᠵᠢᠯ ᠦᠨ ᠣᠢ ᠲᠣᠬᠢᠶᠠᠨ᠎ᠠ᠃ ᠡᠨᠡ ᠲᠡᠦᠬᠡᠨ 100 ᠵᠢᠯ ᠡᠷᠳᠡᠨᠢᠲᠦ ᠬᠣᠲᠠ ᠶᠢᠨ ᠬᠥᠭᠵᠢᠯ ᠲᠡᠢ ᠰᠠᠯᠤᠰᠢ ᠦᠭᠡᠢ ᠬᠣᠯᠪᠣᠭ᠎ᠠ ᠲᠠᠢ᠃ ᠲᠣᠳᠣᠷᠠᠭᠤᠯᠪᠠᠯ᠂ ᠡᠷᠳᠡᠨᠢᠲᠦ ᠬᠣᠲᠠ ᠶᠢᠨ ᠲᠡᠦᠬᠡ ᠣᠷᠣᠰ᠂  ᠴᠸᠾᠤ᠋ ᠶᠢᠨ ᠭᠸᠦᠯᠦᠭᠢᠴᠢᠳ ᠢᠷᠡᠵᠦ ᠭᠧᠣᠯᠣᠭᠢ ᠶᠢᠨ ᠬᠠᠶᠢᠭᠤᠯ ᠰᠤᠳᠤᠯᠭ᠎ᠠ ᠬᠢᠭᠰᠡᠨ ᠢᠶᠡᠷ ᠡᠬᠢᠯᠡᠳᠡᠭ᠃

ᠰᠡᠳᠬᠢᠭᠳᠡᠯ ᠦᠯᠡᠳᠡᠭᠡᠬᠦ