ᠳ ∙ ᠳᠠᠸᠠ ᠣᠷᠣᠰ ᠤᠨ ᠴᠤᠸᠠᠱᠢ ᠤᠯᠤᠰ ᠲᠤ ᠲᠣᠮᠢᠯᠠᠯᠲᠠ ᠪᠠᠷ ᠠᠵᠢᠯᠯᠠᠵᠤ ᠪᠠᠶᠢᠨ᠎ᠠ  | News.MN

ᠳ ∙ ᠳᠠᠸᠠ ᠣᠷᠣᠰ ᠤᠨ ᠴᠤᠸᠠᠱᠢ ᠤᠯᠤᠰ ᠲᠤ ᠲᠣᠮᠢᠯᠠᠯᠲᠠ ᠪᠠᠷ ᠠᠵᠢᠯᠯᠠᠵᠤ ᠪᠠᠶᠢᠨ᠎ᠠ 

ᠡᠯᠴᠢᠨ ᠰᠠᠶᠢᠳ ᠳ∙ᠳᠠᠸᠠ ᠣᠷᠣᠰ ᠤᠨ ᠴᠤᠸᠠᠱᠢ ᠶᠢᠨ ᠪᠦᠭᠦᠳᠡ ᠨᠠᠶᠢᠷᠠᠮᠳᠠᠬᠤ ᠤᠯᠤᠰ ᠲᠤ ᠨᠢᠭᠡᠳᠦᠭᠡᠷ ᠰᠠᠷ᠎ᠠ ᠶᠢᠨ 27-29 ᠳᠤ ᠲᠣᠮᠢᠯᠠᠯᠲᠠ ᠪᠠᠷ ᠠᠵᠢᠯᠯᠠᠵᠤ ᠪᠠᠶᠢᠨ᠎ᠠ᠃ ᠲᠡᠷᠡ ᠪᠡᠷ 27 ᠍ ᠤ ᠡᠳᠦᠷ ᠴᠧᠪᠣᠺᠰᠠᠷ ᠬᠤᠲᠠ ᠳᠤ ᠴᠤᠸᠠᠱᠢ ᠤᠯᠤᠰ ᠤᠨ ᠰᠢᠳᠠᠷ ᠰᠠᠶᠢᠳ ᠪᠥᠭᠡᠳ ᠡᠳ᠋ ᠍ ᠦᠨ ᠵᠠᠰᠠᠭ ᠤᠨ ᠬᠥᠭᠵᠢᠯ ᠦᠨ ᠰᠠᠶᠢᠳ ᠳ∙ᠢ᠊∙ᠺᠷᠠᠰᠨᠤᠪ᠂ ᠠᠵᠤ ᠦᠢᠯᠡᠳᠪᠦᠷᠢ ᠡᠷᠴᠢᠮ ᠬᠦᠴᠦᠨ ᠦ ᠰᠠᠶᠢᠳ ᠶᠡ᠊∙ᠷ∙ᠭᠸᠷᠠᠰᠢᠮᠦᠪ ᠨᠠᠷ ᠲᠠᠢ ᠠᠭᠤᠯᠵᠠᠯᠲᠠ ᠬᠢᠯ᠎ᠡ᠃ ᠳ∙ᠢ᠊∙ᠭᠸᠷᠠᠰᠢᠮᠦᠪ ᠰᠠᠶᠢᠳ ᠡᠯᠴᠢᠨ ᠰᠠᠶᠢᠳ ᠳ ∙ᠳᠠᠸᠠ ᠶᠢᠨ ᠬᠢᠵᠦ ᠪᠤᠢ ᠠᠯᠪᠠᠨ ᠲᠣᠮᠢᠯᠠᠯᠲᠠ ᠳᠤ ᠠᠮᠵᠢᠯᠲᠠ ᠬᠦᠰᠡᠵᠦ᠂ ᠬᠤᠳᠠᠯᠳᠤᠭ᠎ᠠ᠂ ᠡᠳ᠋ ᠍ ᠦᠨ ᠵᠠᠰᠠᠭ᠂ ᠡᠷᠴᠢᠮ ᠬᠦᠴᠦ᠂ ᠪᠠᠲᠤᠯᠠᠨ ᠬᠠᠮᠠᠭᠠᠯᠠᠬᠤ ᠶᠢᠨ ᠰᠠᠯᠪᠤᠷᠢ ᠨᠤᠭᠤᠳ ᠲᠤ ᠮᠣᠩᠭᠣᠯ ᠤᠯᠤᠰ ᠲᠠᠢ ᠢᠯᠡᠭᠦᠦ ᠨᠢᠭᠲᠠ ᠬᠠᠮᠲᠤᠷᠠᠵᠤ ᠠᠵᠢᠯᠯᠠᠬᠤ ᠳᠤ ᠪᠡᠯᠡᠨ ᠪᠠᠶᠢᠭ᠎ᠠ ᠪᠠᠨ  ᠢᠯᠡᠷᠬᠡᠢᠯᠡᠵᠡᠢ᠃
ᠳ∙ᠳᠠᠸᠠ ᠬᠠᠯᠠᠭᠤᠨ ᠳᠣᠲᠣᠨᠣ ᠪᠠᠷ ᠬᠦᠯᠢᠶᠡᠨ ᠠᠪᠤᠭᠰᠠᠨ ᠪᠦᠭᠦᠳᠡ ᠨᠠᠶᠢᠷᠠᠮᠳᠠᠬᠤ ᠴᠤᠸᠠᠱᠢ ᠤᠯᠤᠰ ᠤᠨ ᠤᠳᠤᠷᠢᠳᠤᠯᠭ᠎ᠠ ᠨᠠᠷ ᠲᠤ ᠲᠠᠯᠠᠷᠬᠠᠯ ᠢᠯᠡᠷᠬᠡᠶᠢᠯᠡᠵᠦ᠂ ᠨᠠᠶᠢᠷᠰᠠᠭ ᠬᠠᠷᠢᠯᠴᠠᠭ᠎ᠠ᠂ ᠢᠵᠢ ᠪᠦᠷᠢᠨ ᠰᠲᠷᠠᠲ᠋ᠧᠭᠢ ᠶᠢᠨ ᠲᠦᠩᠰᠢᠯᠡᠯ ᠦᠨ ᠬᠦᠷᠢᠶᠡᠨ ᠳᠦ ᠮᠣᠩᠭᠣᠯ ᠣᠷᠣᠰ ᠤᠨ ᠬᠣᠭᠣᠷᠣᠨᠳᠣ ᠬᠠᠷᠢᠯᠴᠠᠨ ᠠᠰᠢᠭᠲᠠᠢ ᠬᠤᠳᠠᠯᠳᠤᠭ᠎ᠠ᠂ ᠡᠷᠴᠢᠮ ᠬᠦᠴᠦ᠂ ᠪᠠᠲᠤᠯᠠᠨ ᠬᠠᠮᠠᠭᠠᠯᠠᠬᠤ ᠶᠢᠨ ᠰᠠᠯᠪᠤᠷᠢ ᠶᠢᠨ ᠬᠠᠮᠲᠤ ᠶᠢᠨ ᠠᠵᠢᠯᠯᠠᠭ᠎ᠠ ᠪᠠᠨ ᠡᠷᠴᠢᠮᠲᠡᠢ ᠬᠥᠭᠵᠢᠬᠦ ᠪᠦᠷᠢᠨ ᠪᠣᠯᠤᠯᠴᠠᠭ᠎ᠠ ᠲᠠᠢ ᠪᠣᠯᠬᠤ ᠶᠢ ᠲᠣᠳᠣᠳᠬᠠᠵᠤ᠂ ᠡᠨᠡ ᠬᠦᠷᠢᠶᠡᠨ ᠳᠦ ᠴᠤᠸᠠᠱᠢ ᠤᠯᠤᠰ ᠲᠤ ᠳᠡᠭᠡᠷ᠎ᠡ ᠳᠤᠷᠠᠳᠤᠭᠰᠠᠨ ᠴᠢᠭᠯᠡᠯ ᠦᠳ ᠢᠶᠡᠷ ᠢᠵᠢ ᠪᠦᠷᠢᠨ ᠦᠢᠯᠡ ᠠᠵᠢᠯᠯᠠᠭ᠎ᠠ ᠶᠠᠪᠤᠭᠤᠯᠳᠠᠭ ᠦᠢᠯᠡᠳᠪᠦᠷᠢ᠂ ᠪᠠᠶᠢᠭᠤᠯᠤᠯᠭ᠎ᠠ ᠨᠤᠭᠤᠳ ᠤᠨ ᠲᠤᠬᠠᠢ ᠳᠡᠯᠭᠡᠷᠡᠩᠭᠦᠢ ᠮᠡᠳᠡᠭᠡᠯᠡᠯ ᠢ ᠮᠣᠩᠭᠣᠯ ᠤᠯᠤᠰ ᠤᠨ ᠬᠤᠯᠪᠤᠭᠳᠠᠬᠤ ᠪᠠᠶᠢᠭᠤᠯᠤᠯᠭ᠎ᠠ ᠨᠤᠭᠤᠳ ᠲᠤ ᠤᠯᠠᠮᠵᠢᠯᠠᠨ᠂ ᠬᠠᠮᠲᠤᠷᠠᠵᠤ ᠠᠵᠢᠯᠯᠠᠬᠤ ᠪᠣᠯᠤᠮᠵᠢ ᠶᠢ ᠡᠷᠢᠯᠬᠢᠯᠡᠬᠦ ᠪᠡᠨ ᠨᠣᠲᠠᠯᠠᠪᠠ᠃

ᠰᠡᠳᠬᠢᠭᠳᠡᠯ ᠦᠯᠡᠳᠡᠭᠡᠬᠦ