ᠤᠯᠤᠰ ᠤᠨ ᠶᠡᠬᠡ ᠬᠤᠷᠠᠯ ᠤᠨ ᠨᠠᠮᠤᠷ ᠤᠨ ᠡᠭᠡᠯᠵᠢᠲᠦ ᠴᠢᠭᠤᠯᠭᠠᠨ ᠦᠨᠳᠦᠷᠯᠡᠯ᠎ᠡ | News.MN

ᠤᠯᠤᠰ ᠤᠨ ᠶᠡᠬᠡ ᠬᠤᠷᠠᠯ ᠤᠨ ᠨᠠᠮᠤᠷ ᠤᠨ ᠡᠭᠡᠯᠵᠢᠲᠦ ᠴᠢᠭᠤᠯᠭᠠᠨ ᠦᠨᠳᠦᠷᠯᠡᠯ᠎ᠡ

 

ᠤᠯᠤᠰ ᠤᠨ ᠶᠡᠬᠡ ᠬᠤᠷᠠᠯ ᠤᠨ 2020 ᠣᠨ ᠤ ᠨᠠᠮᠤᠷ ᠤᠨ ᠡᠭᠡᠯᠵᠢᠲᠦ ᠴᠢᠭᠤᠯᠭᠠᠨ ᠤ ᠬᠠᠭᠠᠯᠲᠠ ᠶᠢᠨ ᠦᠢᠯᠡ ᠠᠵᠢᠯᠯᠠᠭ᠎ᠠ ᠪᠣᠯᠵᠤ᠂ ᠤᠯᠤᠰ ᠤᠨ ᠶᠡᠬᠡ ᠬᠤᠷᠠᠯ ᠤᠨ ᠳᠠᠷᠤᠭ᠎ᠠ ᠭ ∙ ᠽᠠᠨᠳᠠᠨᠰᠢᠲᠠᠷ᠎ᠠ ᠦᠭᠡ ᠬᠡᠯᠡᠯ᠎ᠡ᠃  ᠲᠡᠷᠡ᠄ ᠪᠢᠳᠡ ᠬᠠᠤᠯᠢ ᠪᠠᠷ ᠬᠦᠯᠢᠶᠡᠭᠰᠡᠨ ᠡᠭᠦᠷᠭᠡ ᠪᠡᠨ ᠪᠡᠶᠡᠯᠡᠭᠦᠯᠵᠦ ᠴᠠᠬᠢᠮ ᠲᠧᠭᠨᠣᠯᠣᠭᠢ ᠠᠰᠢᠭᠯᠠᠨ ᠬᠤᠷᠠᠯᠳᠤᠭᠰᠠᠨ᠃ ᠢᠷᠭᠡᠳ ᠦᠨ ᠢᠶᠡᠨ ᠰᠢᠳᠤᠷᠭᠤ ᠰᠢᠭᠦᠬᠦ ᠪᠡᠷ ᠬᠠᠩᠭᠠᠭᠤᠯᠬᠤ ᠡᠷᠬᠡ ᠶᠢ ᠬᠠᠩᠭᠠᠯ᠎ᠠ᠃ ᠪᠢᠳᠡ ᠴᠠᠬᠢᠮ ᠫᠠᠷᠯᠠᠮᠧᠨᠲ ᠪᠠᠶᠢᠬᠤ ᠰᠢᠨᠡᠴᠢᠯᠡᠯ ᠢ ᠬᠢᠯ᠎ᠡ᠃ ᠢᠩᠭᠢᠭᠰᠡᠨ ᠢᠶᠡᠷ ᠠᠷᠠᠳ ᠲᠦᠮᠡᠨ ᠲᠡᠢ ᠪᠡᠨ ᠵᠥᠪᠯᠡᠯᠳᠦᠵᠦ᠂ ᠬᠠᠮᠲᠤᠷᠠᠵᠤ ᠬᠠᠤᠯᠢ ᠬᠡᠷᠡᠭᠵᠢᠭᠦᠯᠳᠡᠭ ᠠᠷᠠᠳᠴᠢᠯᠠᠯ ᠤᠨ ᠰᠠᠭᠤᠷᠢ ᠵᠠᠷᠴᠢᠮ ᠬᠡᠷᠡᠭᠵᠢᠨ᠎ᠡ᠃ ᠰᠢᠨᠵᠢᠯᠡᠬᠦ ᠤᠬᠠᠭᠠᠨ ᠤ ᠨᠣᠲᠠᠯᠠᠭ᠎ᠠ᠂ ᠰᠤᠳᠤᠯᠭᠠᠨ ᠳᠤ ᠲᠤᠯᠭᠠᠭᠤᠷᠢᠯᠠᠨ ᠰᠢᠢᠳᠬᠦ ᠪᠣᠯᠤᠮᠵᠢ ᠡᠢᠨ ᠪᠥᠷᠢᠳᠴᠦ ᠪᠠᠶᠢᠨ᠎ᠠ᠃

ᠲᠥᠷᠥ ᠶᠢᠨ ᠠᠯᠪᠠᠨ ᠤ ᠶᠣᠰᠣ ᠵᠦᠢ ᠰᠠᠬᠢᠯᠭ᠎ᠠ ᠬᠠᠷᠢᠭᠤᠴᠠᠯᠭ᠎ᠠ ᠶᠢᠨ ᠲᠤᠬᠠᠢ ᠬᠠᠤᠯᠢ ᠶᠢ ᠬᠠᠪᠤᠷ ᠤᠨ ᠴᠢᠭᠤᠯᠭᠠᠨ ᠢᠶᠠᠷ ᠡᠴᠦᠰᠯᠡᠨ ᠪᠠᠲᠤᠯᠠᠬᠤ ᠪᠣᠯᠤᠨ᠎ᠠ᠃ ᠰᠢᠨ᠎ᠡ ᠵᠠᠰᠠᠭ ᠤᠨ ᠭᠠᠵᠠᠷ ᠡᠮᠦᠨᠡᠬᠢ ᠵᠠᠰᠠᠭ ᠤᠨ ᠭᠠᠵᠠᠷ ᠤᠨ ᠡᠬᠢᠯᠡᠭᠦᠯᠦᠭᠰᠡᠨ ᠰᠢᠳᠤᠷᠭᠤ ᠶᠣᠰᠣᠨ ᠤ ᠲᠥᠯᠦᠭᠡᠬᠢ ᠵᠣᠷᠢᠮᠠᠭ ᠰᠢᠢᠳᠦᠯ ᠦᠳ ᠢ ᠦᠷᠭᠦᠯᠵᠢᠯᠡᠭᠦᠯᠵᠦ᠂ ᠦᠷ᠎ᠡ  ᠳ᠋ᠦᠩ ᠳᠦ ᠬᠦᠷᠭᠡᠵᠦ ᠠᠵᠢᠯᠯᠠᠨ᠎ᠠ ᠭᠡᠳᠡᠭ ᠲᠤ ᠪᠦᠷᠢᠨ ᠢᠲᠡᠭᠡᠵᠦ ᠪᠠᠶᠢᠨ᠎ᠠ᠃ ᠬᠠᠯᠳᠠᠪᠤᠷᠢ ᠶᠢᠨ ᠡᠰᠡᠷᠭᠦ ᠸᠠᠺᠼᠢᠨ ᠢ ᠴᠠᠭ ᠲᠤᠬᠠᠢ ᠳᠤ ᠨᠢ ᠠᠪᠴᠢᠷᠠᠵᠤ ᠶᠠᠭᠠᠷᠠᠯᠲᠠᠢ ᠡᠬᠢᠯᠡᠭᠦᠯᠬᠦ ᠱᠠᠭᠠᠷᠳᠠᠯᠭ᠎ᠠ ᠲᠠᠢ᠃

ᠰᠡᠭᠦᠯ ᠦᠨ ᠵᠢᠯ ᠦᠳ ᠲᠦ ᠮᠠᠯ ᠤᠨ ᠲᠣᠭ᠎ᠠ ᠲᠣᠯᠣᠭᠠᠢ ᠵᠣᠬᠢᠴᠠᠭᠤᠯᠤᠯᠲᠠ ᠦᠭᠡᠢ ᠥᠰᠴᠦ᠂ ᠴᠥᠯᠵᠢᠯᠲᠡ ᠶᠡᠬᠡᠰᠦᠭᠰᠡᠨ᠃ ᠴᠢᠨᠠᠭᠰᠢᠳᠠ ᠪᠡᠯᠴᠢᠭᠡᠷ᠂ ᠮᠠᠯ ᠠᠵᠤ ᠠᠬᠤᠢ᠂ ᠣᠷᠣᠨ ᠨᠤᠲᠤᠭ ᠤᠨ ᠤᠳᠤᠷᠢᠳᠤᠯᠭ᠎ᠠ ᠶᠢᠨ ᠲᠦᠪᠰᠢᠨ ᠳᠦ ᠲᠣᠮᠣᠬᠠᠨ ᠰᠢᠨᠡᠴᠢᠯᠡᠯ ᠬᠢᠬᠦ ᠪᠣᠯᠤᠭᠰᠠᠨ᠃ ᠲᠥᠰᠥᠪ ᠦᠨ ᠰᠠᠬᠢᠯᠭ᠎ᠠ ᠪᠠᠲᠤ ᠲᠠᠢ ᠪᠠᠶᠢᠬᠤ ᠱᠠᠭᠠᠷᠳᠠᠯᠭ᠎ᠠ ᠲᠠᠢ᠃ ᠤᠭ᠍ᠶᠤᠲᠤᠯᠤᠭᠠᠢ ᠶᠢᠨ ᠭᠡᠷ᠎ᠡ ᠶᠢ ᠰᠠᠶᠢᠵᠢᠷᠠᠭᠤᠯᠬᠤ ᠶᠣᠰᠣᠲᠠᠢ ᠭᠡᠵᠦ ᠤᠯᠤᠰ ᠤᠨ ᠶᠡᠬᠡ ᠬᠤᠷᠠᠯ ᠦᠵᠡᠵᠦ 92 ᠳ᠋ᠤᠭᠠᠷ ᠲᠣᠭᠲᠠᠭᠠᠯ ᠢ ᠪᠠᠲᠤᠯᠠᠭᠰᠠᠨ᠃ ᠡᠨᠡ ᠲᠠᠯ᠎ᠠ ᠪᠠᠷ ᠪᠠᠶᠢᠩᠭᠤ ᠶᠠᠷᠢᠵᠤ ᠰᠠᠨᠠᠯ ᠭᠠᠷᠭᠠᠵᠤ ᠪᠠᠶᠢᠭ᠎ᠠ᠃ ᠶᠡᠷᠦᠩᠬᠡᠢ ᠰᠠᠶᠢᠳ ᠯ ∙ ᠣᠶᠤᠨ-ᠡᠷᠳᠡᠨᠢ ᠤᠭ᠍ᠶᠤᠲᠤᠯᠤᠭᠠᠢ ᠶᠢᠨ ᠭᠡᠷ᠎ᠡ ᠶᠢ ᠬᠠᠮᠠᠭᠠᠯᠠᠬᠤ ᠴᠢᠭᠯᠡᠯ ᠢᠶᠡᠷ ᠢᠳᠡᠪᠬᠢ ᠲᠡᠢ ᠠᠵᠢᠯᠯᠠᠵᠤ ᠪᠠᠶᠢᠭ᠎ᠠ᠃ ᠡᠭᠦᠨ ᠢ ᠪᠢᠳᠡ ᠳᠡᠮᠵᠢᠵᠦ ᠪᠠᠶᠢᠨ᠎ᠠ᠃ ᠪᠢᠳᠡ ᠠᠯᠤᠰ ᠤᠨ ᠬᠠᠷᠠᠭ᠎ᠠ ᠲᠠᠢ ᠡᠷᠬᠡ ᠵᠦᠢ ᠶᠢᠨ ᠬᠤᠪᠢᠰᠬᠠᠯ ᠳᠤ ᠰᠠᠭᠤᠷᠢᠯᠠᠮᠠᠷ ᠪᠠᠶᠢᠨ᠎ᠠ᠃ ᠤᠯᠤᠰ ᠤᠨ ᠶᠡᠬᠡ ᠬᠤᠷᠠᠯ ᠤᠨ ᠬᠠᠪᠤᠷ ᠤᠨ ᠴᠢᠭᠤᠯᠭᠠᠨ ᠢᠶᠠᠷ ᠨᠡᠩ ᠴᠢᠬᠤᠯᠠ 100 ᠭᠠᠷᠤᠢ ᠬᠠᠤᠯᠢ ᠶᠢ ᠪᠠᠲᠤᠯᠠᠵᠤ ᠬᠡᠯᠡᠯᠴᠡᠵᠦ ᠶᠣᠰᠣᠲᠠᠢ᠃ ᠰᠠᠬᠢᠯᠭ᠎ᠠ ᠬᠠᠷᠢᠭᠤᠴᠠᠯᠭ᠎ᠠ ᠶᠣᠰᠣ ᠵᠦᠢ ᠶᠢ ᠡᠷᠬᠢᠮᠯᠡᠭᠰᠡᠨ ᠠᠷᠠᠳ ᠲᠦᠮᠡᠨ ᠨᠢ ᠠᠮᠤᠭᠤᠯᠠᠩ ᠮᠣᠩᠭᠣᠯ ᠤᠨ ᠲᠥᠯᠥᠭᠡ ᠬᠢᠴᠢᠶᠡᠨ  ᠵᠢᠳᠭᠦᠵᠡᠭᠡᠶ᠎ᠡ ᠭᠡᠯ᠎ᠡ᠃

ᠰᠡᠳᠬᠢᠭᠳᠡᠯ ᠦᠯᠡᠳᠡᠭᠡᠬᠦ