ᠠᠷᠠᠳᠴᠢᠯᠠᠭᠰᠠᠨ ᠨᠠᠮ ᠤᠨ ᠳᠠᠷᠤᠭ᠎ᠠ ᠶᠢ ᠰᠤᠩᠭᠤᠬᠤ ᠪᠠᠷ ᠪᠡᠯᠡᠳᠬᠡᠵᠦ ᠪᠠᠶᠢᠨ᠎ᠠ  | News.MN

ᠠᠷᠠᠳᠴᠢᠯᠠᠭᠰᠠᠨ ᠨᠠᠮ ᠤᠨ ᠳᠠᠷᠤᠭ᠎ᠠ ᠶᠢ ᠰᠤᠩᠭᠤᠬᠤ ᠪᠠᠷ ᠪᠡᠯᠡᠳᠬᠡᠵᠦ ᠪᠠᠶᠢᠨ᠎ᠠ 

 

ᠠᠷᠠᠳᠴᠢᠯᠠᠭᠰᠠᠨ ᠨᠠᠮ ᠤᠨ ᠳᠣᠲᠣᠭᠠᠳᠤ ᠰᠣᠩᠭᠣᠭᠤᠯᠢ ᠶᠢᠨ ᠳᠠᠷᠤᠭ᠎ᠠ ᠢ᠊∙ᠮᠥᠩᠬᠡᠵᠢᠷᠭᠠᠯ ᠴᠠᠭ ᠦᠶ᠎ᠡ ᠶᠢᠨ ᠠᠰᠠᠭᠤᠳᠠᠯ ᠢᠶᠠᠷ ᠮᠡᠳᠡᠭᠡᠯᠡᠯ ᠬᠢᠵᠤ᠂ ᠨᠠᠮ ᠤᠨ ᠳᠠᠷᠤᠭ᠎ᠠ ᠶᠢ ᠰᠤᠩᠭᠤᠬᠤ ᠰᠣᠩᠭᠣᠭᠤᠯᠢ ᠶᠢ ᠪᠦᠬᠦ ᠭᠡᠰᠢᠭᠦᠳ ᠦᠨ ᠢᠶᠡᠨ ᠳᠤᠮᠳᠠ ᠵᠣᠬᠢᠶᠠᠨ ᠪᠠᠶᠢᠭᠤᠯᠬᠤ ᠪᠠᠷ ᠪᠣᠯᠤᠭᠰᠠᠨ ᠢᠶᠠᠨ ᠡᠨᠡ ᠦᠶ᠎ᠡ ᠪᠡᠷ ᠲᠣᠳᠣᠷᠠᠭᠤᠯᠵᠤ ᠮᠡᠳᠡᠭᠳᠡᠭᠰᠡᠨ ᠶᠤᠮ᠃ ᠲᠡᠷᠡᠪᠡᠷ᠄ ᠦᠨᠳᠦᠰᠦᠨ ᠳᠦᠷᠢᠮ ᠢᠶᠡᠷ ᠣᠯᠭᠣᠭᠳᠠᠭᠰᠠᠨ ᠡᠷᠬᠡ ᠶᠢᠨ ᠢᠶᠡᠨ ᠬᠦᠷᠢᠶᠡᠨ ᠳᠦ ᠳᠣᠲᠣᠭᠠᠳᠤ ᠰᠣᠩᠭᠣᠭᠤᠯᠢ ᠶᠢᠨ ᠬᠣᠷᠢᠶ᠎ᠠ ᠨᠠᠮ ᠤᠨ ᠳᠠᠷᠤᠭ᠎ᠠ ᠶᠢᠨ ᠰᠣᠩᠭᠣᠭᠤᠯᠢ ᠶᠢ ᠵᠣᠬᠢᠶᠠᠨ ᠪᠠᠶᠢᠭᠤᠯᠬᠤ ᠪᠠᠷ ᠪᠡᠯᠡᠳᠬᠡᠯ ᠠᠵᠢᠯ ᠢᠶᠠᠨ ᠬᠢᠵᠦ ᠪᠠᠶᠢᠨ᠎ᠠ᠃ ᠲᠠᠬᠤᠯ ᠤᠨ ᠦᠶ᠎ᠡ ᠳᠦ ᠤᠭ ᠰᠣᠩᠭᠣᠭᠤᠯᠢ ᠶᠢ ᠬᠢᠬᠦ ᠳᠦ ᠬᠦᠨᠳᠦᠷᠡᠯᠲᠡᠢ ᠴᠤ ᠪᠢᠳᠡ ᠨᠡᠶᠢᠲᠡ ᠭᠡᠰᠢᠭᠦᠳ ᠦᠨ ᠢᠶᠡᠨ ᠰᠠᠨᠠᠯ ᠢ ᠬᠦᠯᠢᠶᠡᠨ ᠠᠪᠴᠤ ᠨᠠᠮ ᠤᠨ ᠳᠠᠷᠤᠭ᠎ᠠ ᠳᠤ ᠨᠡᠷ᠎ᠡ ᠳᠡᠪᠰᠢᠭᠴᠢᠳ ᠦᠨ ᠰᠣᠩᠭᠣᠭᠤᠯᠢ ᠶᠢᠨ ᠰᠤᠷᠲᠠᠯᠴᠢᠯᠠᠭ᠎ᠠ ᠶᠢ ᠣᠷᠣᠨ ᠨᠤᠲᠤᠭ ᠲᠤ ᠣᠴᠢᠵᠤ ᠪᠡᠶ᠎ᠡ ᠪᠡᠷ ᠠᠭᠤᠯᠵᠠᠯᠲᠠ ᠬᠢᠯᠭᠡᠬᠦ ᠦᠭᠡᠢ ᠪᠡᠷ ᠵᠥᠪᠬᠡᠨ ᠬᠡᠪᠯᠡᠯ᠂ ᠮᠡᠳᠡᠭᠡᠯᠡᠯ ᠦᠨ ᠬᠡᠷᠡᠭᠰᠡᠯ ᠢᠶᠡᠷ ᠴᠠᠬᠢᠮ ᠤᠷᠴᠢᠨ ᠳᠤ ᠬᠢᠯᠭᠡᠬᠦ ᠪᠡᠷ ᠵᠣᠬᠢᠴᠠᠭᠤᠯᠵᠤ ᠪᠠᠶᠢᠨ᠎ᠠ᠃
ᠨᠠᠮ ᠤᠨ ᠳᠦᠷᠢᠮ ᠳᠦ ᠨᠠᠮ ᠤᠨ ᠭᠡᠰᠢᠭᠦᠳ ᠢ ᠰᠠᠨᠠᠯ ᠤᠨ ᠡᠷᠬᠡ ᠲᠡᠢ᠂ ᠡᠷᠬᠡ ᠦᠭᠡᠢ ᠭᠡᠵᠦ ᠢᠯᠭᠠᠳᠠᠭ ᠭᠡᠬᠦ ᠰᠢᠭᠦᠮᠵᠢᠯᠡᠯ ᠪᠠᠶᠢᠳᠠᠭ᠃ ᠲᠡᠶᠢᠮᠦ ᠡᠴᠡ ᠡᠨᠡ ᠤᠳᠠᠭ᠎ᠠ ᠡᠷᠬᠡ ᠲᠡᠢ᠂ ᠡᠷᠬᠡ ᠦᠭᠡᠢ ᠭᠡᠵᠦ ᠢᠯᠭᠠᠬᠤ ᠦᠭᠡᠢ ᠪᠦᠬᠦ ᠭᠡᠰᠢᠭᠦᠳ ᠦᠨ ᠰᠠᠨᠠᠯ ᠢ ᠠᠪᠤᠨ᠎ᠠ᠃ ᠮᠥᠨ ᠨᠠᠮ ᠤᠨ ᠳᠠᠷᠤᠭ᠎ᠠ ᠳᠤ ᠨᠡᠷ᠎ᠡ ᠳᠡᠪᠰᠢᠭᠴᠢᠳ ᠡᠴᠡ ᠶᠠᠮᠠᠷ ᠨᠢᠭᠡᠨ ᠬᠡᠯᠪᠡᠷᠢ ᠪᠡᠷ ᠮᠥᠩᠭᠥᠨ ᠬᠤᠷᠢᠶᠠᠮᠵᠢ ᠠᠪᠬᠤ ᠦᠭᠡᠢ᠃ ᠮᠡᠳᠡᠭᠡᠵᠢ ᠬᠡᠪᠯᠡᠯ ᠮᠡᠳᠡᠭᠡᠯᠡᠯ ᠦᠨ ᠬᠡᠷᠡᠭᠰᠡᠯ ᠦᠨ ᠰᠤᠷᠲᠠᠯᠴᠢᠯᠠᠭᠠᠨ ᠤ ᠵᠠᠷᠤᠳᠠᠯ ᠭᠡᠬᠦ ᠰᠣᠩᠭᠣᠭᠤᠯᠢ ᠶᠢᠨ ᠵᠠᠷᠤᠳᠠᠯ ᠭᠠᠷᠤᠨ᠎ᠠ᠃ ᠡᠨᠡ ᠵᠠᠷᠤᠳᠠᠯ ᠢᠶᠠᠨ ᠨᠡᠷ᠎ᠡ ᠳᠡᠪᠰᠢᠭᠴᠢᠳ ᠬᠤᠪᠢ ᠲᠡᠩᠴᠡᠭᠦᠯᠦᠨ ᠭᠠᠷᠭᠠᠨ᠎ᠠ᠃ ᠨᠠᠮ ᠤᠨ ᠭᠡᠰᠢᠭᠦᠳ ᠲᠡᠭᠡᠨ ᠤᠷᠢᠶᠠᠯᠠᠬᠤ ᠳᠤ ᠨᠠᠮ ᠢᠶᠠᠨ ᠠᠪᠤᠷᠠᠬᠤ ᠶᠢ ᠬᠦᠰᠡᠵᠦ ᠪᠤᠢ ᠪᠣᠯ ᠡᠨᠡ ᠦᠢᠯᠡ ᠠᠵᠢᠯᠯᠠᠭᠠᠨ ᠳᠤ ᠣᠷᠣᠯᠴᠠᠬᠤ ᠶᠢ ᠤᠷᠢᠶᠠᠯᠠᠵᠤ ᠪᠠᠶᠢᠨ᠎ᠠ᠃ ᠳᠠᠷᠠᠭ᠎ᠠ ᠶᠢᠨ ᠳᠠᠷᠤᠭ᠎ᠠ ᠶᠢ ᠰᠣᠩᠭᠣᠵᠤ ᠪᠠᠶᠢᠵᠤ ᠰ ∙ ᠡᠷᠳᠡᠨᠢ ᠠᠵᠢᠯ ᠢᠶᠠᠨ ᠥᠭᠬᠦ ᠳᠦᠷᠢᠮ ᠲᠡᠢ ᠶᠤᠮ ᠭᠡᠯ᠎ᠡ᠃

ᠰᠡᠳᠬᠢᠭᠳᠡᠯ ᠦᠯᠡᠳᠡᠭᠡᠬᠦ