ᠡᠨᠡ ᠣᠨ ᠳᠤ ᠲᠥᠷᠥ ᠶᠢᠨ 592 ᠦᠢᠯᠡᠴᠢᠯᠡᠭᠡ ᠶᠢ ᠴᠠᠬᠢᠮ ᠢᠶᠠᠷ ᠦᠵᠡᠭᠦᠯᠦᠨ᠎ᠡ  | News.MN

ᠡᠨᠡ ᠣᠨ ᠳᠤ ᠲᠥᠷᠥ ᠶᠢᠨ 592 ᠦᠢᠯᠡᠴᠢᠯᠡᠭᠡ ᠶᠢ ᠴᠠᠬᠢᠮ ᠢᠶᠠᠷ ᠦᠵᠡᠭᠦᠯᠦᠨ᠎ᠡ 

ᠵᠠᠰᠠᠭ ᠤᠨ ᠭᠠᠵᠠᠷ ᠤᠨ ᠥᠨᠥᠳᠥᠷ ᠦᠨ ᠬᠤᠷᠠᠯᠳᠤᠭᠠᠨ ᠢᠶᠠᠷ ᠲᠥᠷᠥ ᠶᠢᠨ ᠦᠢᠯᠡᠴᠢᠯᠡᠭᠡ ᠶᠢ ᠴᠠᠬᠢᠮ ᠪᠣᠯᠭᠠᠬᠤ ᠲᠠᠯ᠎ᠠ ᠪᠠᠷ ᠬᠡᠯᠡᠯᠴᠡᠵᠡᠢ᠃ ᠵᠠᠰᠠᠭ ᠤᠨ ᠭᠠᠵᠠᠷ e-mongolia.mn ᠍ ᠪᠡᠷ ᠢᠷᠭᠡᠳ᠂ ᠠᠵᠤ ᠠᠬᠤᠢ ᠶᠢᠨ ᠨᠢᠭᠡᠴᠡ᠂ ᠪᠠᠶᠢᠭᠤᠯᠤᠯᠭ᠎ᠠ ᠳᠤ ᠲᠥᠷᠥ ᠶᠢᠨ 182 ᠦᠢᠯᠡᠴᠢᠯᠡᠭᠡ ᠶᠢ ᠴᠠᠬᠢᠮ ᠢᠶᠠᠷ ᠦᠵᠡᠭᠦᠯᠵᠦ ᠪᠠᠶᠢᠭ᠎ᠠ ᠪᠥᠭᠡᠳ ᠡᠨᠡ ᠣᠨ ᠳᠤ 592 ᠪᠣᠯᠭᠠᠬᠤ ᠶᠤᠮ᠃ ᠴᠢᠨᠠᠭᠰᠢᠳᠠ ᠴᠠᠬᠢᠮ ᠦᠨᠳᠦᠰᠦᠲᠡᠨ ᠪᠣᠯᠬᠤ᠂ ᠴᠠᠬᠢᠮ ᠰᠢᠯᠵᠢᠯᠲᠡ ᠶᠢ ᠡᠷᠴᠢᠮᠵᠢᠭᠦᠯᠬᠦ᠂ ᠲᠥᠷᠥ ᠶᠢᠨ ᠠᠯᠪᠠ ᠶᠢ ᠴᠣᠮᠬᠠᠨ ᠪᠠᠶᠢᠯᠭᠠᠬᠤ ᠵᠣᠷᠢᠯᠭ᠎ᠠ ᠪᠠᠷ ᠴᠠᠬᠢᠮ ᠬᠥᠭᠵᠢᠯ ᠦᠨ ᠶᠠᠮᠤᠨ ᠪᠠᠶᠢᠭᠤᠯᠬᠤ ᠪᠡᠯᠡᠳᠬᠡᠯ ᠢᠶᠡᠨ ᠬᠠᠩᠭᠠᠵᠤ ᠡᠬᠢᠯᠡᠵᠡᠢ᠃

ᠲᠥᠷᠥ ᠶᠢᠨ ᠠᠵᠢᠯ ᠦᠢᠯᠡᠴᠢᠯᠡᠭᠡᠨ ᠢ ᠴᠠᠬᠢᠮᠵᠢᠭᠤᠯᠬᠤ᠂ ᠠᠰᠢᠭᠯᠠᠯᠲᠠ ᠶᠢ ᠨᠢ ᠰᠠᠶᠢᠵᠢᠷᠠᠭᠤᠯᠬᠤ᠂ ᠢᠷᠭᠡᠳ ᠦᠨ ᠴᠠᠬᠢᠮ ᠪᠣᠯᠪᠠᠰᠤᠷᠠᠯ ᠢ ᠳᠡᠭᠡᠭᠰᠢᠯᠡᠭᠦᠯᠬᠦ᠂  ᠳ᠋ᠢᠵᠢᠲ᠋ᠠᠯ ᠡᠳ᠋ ᠍ ᠦᠨ ᠵᠠᠰᠠᠭ ᠤᠨ ᠬᠥᠭᠵᠢᠯ ᠦᠨ ᠡᠬᠢᠯᠡᠯ ᠢ ᠲᠠᠯᠪᠢᠬᠤ᠂ ᠮᠡᠳᠡᠭᠡᠯᠡᠯ ᠦᠨ ᠲᠧᠭᠨᠣᠯᠣᠭᠢ ᠳᠤ ᠰᠠᠭᠤᠷᠢᠯᠠᠭᠰᠠᠨ ᠪᠦᠲᠦᠭᠡᠭᠳᠡᠬᠦᠨ ᠦᠢᠯᠡᠴᠢᠯᠡᠭᠡᠨ ᠢ ᠨᠡᠮᠡᠭᠳᠡᠭᠦᠯᠬᠦ᠂ ᠮᠡᠳᠡᠭᠡᠯᠡᠯ ᠦᠨ ᠠᠶᠤᠯᠭᠦᠢ ᠪᠠᠶᠢᠳᠠᠯ ᠢ ᠬᠠᠩᠭᠠᠬᠤ ᠵᠣᠷᠢᠯᠭ᠎ᠠ ᠪᠠᠷ 《ᠴᠠᠬᠢᠮ ᠦᠨᠳᠦᠰᠦᠲᠡᠨ》 ᠴᠣᠭᠴᠠ ᠠᠵᠢᠯ ᠬᠢᠬᠦ ᠪᠡᠷ ᠲᠥᠯᠥᠪᠯᠡᠭᠰᠡᠨ ᠪᠠᠶᠢᠨ᠎ᠠ᠃

ᠰᠡᠳᠬᠢᠭᠳᠡᠯ ᠦᠯᠡᠳᠡᠭᠡᠬᠦ