ᠬᠦᠮᠦᠨ ᠦ ᠡᠷᠬᠡ ᠶᠢ ᠳᠡᠭᠡᠳᠦᠯᠡᠬᠦ ᠶᠣᠰᠣᠲᠠᠢ  | News.MN

ᠬᠦᠮᠦᠨ ᠦ ᠡᠷᠬᠡ ᠶᠢ ᠳᠡᠭᠡᠳᠦᠯᠡᠬᠦ ᠶᠣᠰᠣᠲᠠᠢ 

ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ ᠬᠦᠮᠦᠨ ᠦ ᠡᠷᠬᠡ ᠶᠢᠨ ᠦᠨᠳᠦᠰᠦᠨ ᠦ ᠪᠠᠶᠢᠭᠤᠯᠤᠯᠭ᠎ᠠ ᠶᠢᠨ 20 ᠵᠢᠯ ᠦᠨ ᠣᠢ ᠶᠢ ᠲᠣᠬᠢᠶᠠᠯᠳᠤᠭᠤᠯᠤᠨ ᠬᠦᠮᠦᠨ ᠦ ᠡᠷᠬᠡ ᠶᠢᠨ ᠦᠨᠳᠦᠰᠦᠨ ᠦ ᠺᠣᠮᠢᠰ ᠤᠨ ᠬᠠᠮᠲᠤ ᠤᠯᠠᠨ ᠳᠤ ᠮᠡᠨᠳᠦᠴᠢᠯᠡᠭᠡ ᠳᠡᠪᠰᠢᠭᠦᠯᠪᠡ᠃ ᠬᠦᠮᠦᠨ ᠦ ᠡᠷᠬᠡ ᠪᠣᠯ ᠠᠷᠠᠳᠴᠢᠯᠠᠯ ᠤᠨ ᠦᠨᠡᠲᠦ ᠵᠦᠢᠯ ᠶᠤᠮ᠃ ᠮᠣᠩᠭᠣᠯᠴᠤᠳ ᠪᠢᠳᠡ 1992 ᠣᠨ ᠳᠤ ᠦᠨᠳᠦᠰᠦᠨ ᠬᠠᠤᠯᠢ ᠳᠤ ᠪᠠᠨ ᠬᠦᠮᠦᠨ ᠦ ᠡᠷᠬᠡ᠂ ᠡᠷᠬᠡ ᠴᠢᠯᠦᠭᠡ ᠶᠢ ᠠᠩᠬ᠎ᠠ ᠤᠳᠠᠭ᠎ᠠ ᠬᠦᠮᠦᠨ ᠦ ᠡᠷᠬᠡ ᠶᠢᠨ ᠣᠯᠠᠨ ᠤᠯᠤᠰ ᠤᠨ ᠵᠠᠷᠴᠢᠮ᠂ ᠬᠡᠮ ᠬᠡᠮᠵᠢᠶ᠎ᠡ ᠲᠡᠢ ᠤᠶᠠᠯᠳᠤᠭᠤᠯᠤᠨ ᠲᠣᠮᠢᠶᠠᠯᠠᠵᠤ᠂ ᠪᠤᠳᠠᠲᠠᠢ ᠪᠠᠷ ᠪᠠᠲᠤᠯᠠᠭᠠᠵᠢᠭᠤᠯᠤᠭᠰᠠᠨ ᠪᠢᠯᠡ᠃ ᠰᠢᠨ᠎ᠡ ᠦᠨᠳᠦᠰᠦᠨ ᠬᠠᠤᠯᠢ ᠶᠢᠨ ᠬᠦᠷᠢᠶᠡᠨ ᠳᠦ ᠮᠣᠩᠭᠣᠯ ᠤᠯᠤᠰ ᠡᠷᠬᠡ ᠵᠦᠢ ᠶᠢᠨ ᠰᠢᠨᠡᠳᠬᠡᠯ ᠢ ᠱᠠᠲᠤ ᠳᠠᠷᠠᠭ᠎ᠠ ᠲᠠᠢ ᠬᠡᠷᠡᠭᠵᠢᠭᠦᠯᠦᠭᠰᠡᠭᠡᠷ ᠪᠠᠶᠢᠨ᠎ᠠ᠃ ᠡᠭᠦᠨ ᠦ ᠨᠢᠭᠡ ᠵᠢᠱᠢᠶ᠎ᠡ ᠨᠢ ᠲᠤᠰᠬᠠᠶᠢᠯᠠᠨ ᠬᠠᠤᠯᠢ ᠪᠠᠲᠤᠯᠠᠵᠤ᠂ ᠬᠦᠮᠦᠨ ᠦ ᠡᠷᠬᠡ ᠶᠢᠨ ᠦᠨᠳᠦᠰᠦᠨ ᠦ ᠺᠣᠮᠢᠰ ᠢ ᠪᠠᠶᠢᠭᠤᠯᠤᠭᠰᠠᠨ ᠶᠠᠪᠤᠳᠠᠯ ᠶᠤᠮ᠃
ᠨᠢᠭᠡᠳᠦᠭᠰᠡᠨ ᠦᠨᠳᠦᠰᠦᠲᠡᠨ ᠦ ᠪᠠᠶᠢᠭᠤᠯᠤᠯᠭ᠎ᠠ ᠪᠣᠯᠤᠨ ᠪᠤᠰᠤᠳ ᠣᠯᠠᠨ ᠲᠠᠯᠠᠲᠤ ᠳᠡᠮᠵᠢᠯᠭᠡ ᠶᠢᠨ ᠦᠷ᠎ᠡ  ᠳ᠋ᠦᠩ ᠳᠦ ᠤᠯᠤᠰ ᠤᠨ ᠶᠡᠬᠡ ᠬᠤᠷᠠᠯ 2000 ᠣᠨ ᠤ ᠠᠷᠪᠠᠨ ᠬᠣᠶᠠᠳᠤᠭᠠᠷ ᠰᠠᠷ᠎ᠠ ᠶᠢᠨ 07 ᠍ ᠤ ᠡᠳᠦᠷ ᠮᠣᠩᠭᠣᠯ ᠤᠯᠤᠰ ᠤᠨ ᠬᠦᠮᠦᠨ ᠦ ᠡᠷᠬᠡ ᠶᠢᠨ ᠦᠨᠳᠦᠰᠦᠨ ᠦ ᠺᠣᠮᠢᠰ ᠤᠨ ᠲᠤᠬᠠᠢ ᠬᠠᠤᠯᠢ ᠶᠢ ᠪᠠᠲᠤᠯᠠᠭᠰᠠᠨ ᠪᠢᠯᠡ᠃ ᠡᠶᠢᠨᠬᠦᠦ ᠤᠯᠤᠰ ᠤᠨ ᠶᠡᠬᠡ ᠬᠤᠷᠠᠯ ᠣᠯᠠᠨ ᠤᠯᠤᠰ ᠤᠨ ᠵᠢᠱᠢᠭ ᠲᠦ ᠨᠡᠶᠢᠴᠡᠭᠦᠯᠦᠨ ᠬᠦᠮᠦᠨ ᠦ ᠡᠷᠬᠡ ᠶᠢᠨ ᠦᠨᠳᠦᠰᠦᠨ ᠦ ᠪᠠᠶᠢᠭᠤᠯᠤᠯᠭ᠎ᠠ ᠶᠢᠨ ᠡᠷᠬᠡ ᠵᠦᠢ ᠶᠢᠨ ᠪᠠᠶᠢᠳᠠᠯ ᠢ ᠲᠣᠳᠣᠷᠬᠠᠶᠢᠯᠠᠵᠤ᠂ ᠬᠦᠮᠦᠨ ᠦ ᠡᠷᠬᠡ ᠶᠢᠨ ᠦᠨᠳᠦᠰᠦᠨ ᠦ ᠺᠣᠮᠢᠰ ᠤᠨ ᠠᠩᠬᠠᠨ ᠤ ᠭᠤᠷᠪᠠᠨ ᠭᠡᠰᠢᠭᠦᠨ ᠢ ᠲᠣᠮᠢᠯᠠᠵᠤ᠂ ᠺᠣᠮᠢᠰ ᠤᠨ ᠠᠩᠬᠠᠨ ᠤ ᠭᠡᠰᠢᠭᠦᠳ 2001 ᠣᠨ ᠤ ᠬᠣᠶᠠᠳᠤᠭᠠᠷ ᠰᠠᠷ᠎ᠠ ᠶᠢᠨ 2 ᠍ ᠤ ᠡᠳᠦᠷ ᠲᠠᠩᠭᠠᠷᠢᠭ ᠡᠷᠭᠦᠭᠰᠡᠨ ᠢᠶᠡᠷ ᠬᠦᠮᠦᠨ ᠦ ᠡᠷᠬᠡ ᠶᠢᠨ ᠦᠨᠳᠦᠰᠦᠨ ᠦ ᠺᠣᠮᠢᠰ ᠪᠠᠶᠢᠭᠤᠯᠤᠭᠳᠠᠭᠰᠠᠨ ᠲᠡᠦᠬᠡ ᠲᠡᠢ᠃ ᠮᠣᠩᠭᠣᠯ ᠤᠯᠤᠰ ᠲᠤ ᠬᠦᠮᠦᠨ ᠦ ᠡᠷᠬᠡ ᠶᠢᠨ ᠦᠨᠳᠦᠰᠦᠨ ᠦ ᠪᠠᠶᠢᠭᠤᠯᠤᠯᠭ᠎ᠠ ᠡᠭᠦᠰᠴᠦ ᠪᠠᠢᠭᠤᠯᠤᠭᠳᠠᠭᠰᠠᠨ ᠤ 20 ᠵᠢᠯ ᠦᠨ ᠣᠢ ᠶᠢ ᠲᠣᠬᠢᠶᠠᠯᠳᠤᠭᠤᠯᠤᠨ ᠬᠦᠮᠦᠨ ᠦ ᠡᠷᠬᠡ ᠶᠢᠨ ᠦᠨᠳᠦᠰᠦᠨ ᠦ ᠺᠣᠮᠢᠰ ᠤᠨ ᠭᠡᠰᠢᠭᠦᠳ᠂ ᠬᠠᠮᠲᠤ ᠣᠯᠠᠨ᠂ ᠬᠦᠮᠦᠨ ᠦ ᠡᠷᠬᠡ ᠶᠢ ᠬᠠᠮᠠᠭᠠᠯᠠᠬᠤ ᠶᠢᠨ ᠲᠥᠯᠥᠭᠡ ᠲᠡᠮᠡᠴᠡᠭᠴᠢᠳ ᠲᠦ ᠪᠠᠶᠠᠷ ᠤᠨ ᠮᠡᠨᠳᠦᠴᠢᠯᠡᠭᠡ ᠳᠡᠪᠰᠢᠭᠦᠯᠵᠦ᠂ ᠠᠵᠢᠯ ᠤᠨ ᠠᠮᠵᠢᠯᠲᠠ᠂ ᠰᠠᠶᠢᠨ ᠰᠠᠶᠢᠬᠠᠨ ᠢ ᠬᠦᠰᠡᠨ ᠢᠷᠦᠭᠡᠶ᠎ᠡ᠃
ᠥᠩᠭᠡᠷᠡᠭᠰᠡᠨ ᠬᠤᠭᠤᠴᠠᠭᠠᠨ ᠳᠤ ᠬᠦᠮᠦᠨ ᠦ ᠡᠷᠬᠡ ᠶᠢᠨ ᠦᠨᠳᠦᠰᠦᠨ ᠦ ᠺᠣᠮᠢᠰ ᠨᠢ ᠬᠠᠤᠯᠢ ᠪᠠᠷ ᠬᠦᠯᠢᠶᠡᠭᠰᠡᠨ  ᠴᠢᠭ ᠡᠭᠦᠷᠭᠡ ᠪᠡᠨ ᠠᠮᠵᠢᠯᠲᠠᠲᠠᠢ ᠬᠡᠷᠡᠭᠵᠢᠭᠦᠯᠵᠦ᠂ ᠫᠠᠷᠢᠰ ᠤᠨ ᠵᠠᠷᠴᠢᠮ ᠳᠤ ᠪᠦᠷᠢᠨ ᠨᠡᠶᠢᠴᠡᠭᠰᠡᠨ ᠪᠡᠶ᠎ᠡ ᠳᠠᠭᠠᠭᠠᠭᠰᠠᠨ᠂ ᠬᠠᠷᠠᠭᠠᠲᠤ ᠪᠤᠰᠤ ᠪᠠᠷ ᠴᠢᠭ ᠡᠭᠦᠷᠭᠡ ᠪᠡᠨ ᠬᠡᠷᠡᠭᠵᠢᠭᠦᠯᠦᠭᠴᠢ᠂ ᠦᠨᠳᠦᠰᠦᠨ ᠦ ᠪᠠᠶᠢᠭᠤᠯᠤᠯᠭ᠎ᠠ ᠪᠣᠯᠬᠤ ᠪᠠᠨ ᠭᠤᠷᠪᠠᠨᠲᠠ ᠮᠠᠭᠠᠳᠯᠠᠨ ᠢᠲᠡᠭᠡᠮᠵᠢᠯᠡᠭᠦᠯᠵᠦ᠂ ᠪᠥᠰᠡ ᠨᠤᠲᠤᠭ ᠤᠨ᠂ ᠣᠯᠠᠨ ᠤᠯᠤᠰ ᠤᠨ ᠬᠡᠮᠵᠢᠶᠡᠨ ᠳᠦ ᠬᠦᠮᠦᠨ ᠦ ᠡᠷᠬᠡ ᠶᠢ ᠬᠦᠬᠢᠭᠦᠯᠤᠨ ᠳᠡᠮᠵᠢᠬᠦ᠂ ᠬᠦᠮᠦᠨ ᠦ ᠡᠷᠬᠡ ᠶᠢᠨ ᠬᠥᠭᠵᠢᠯ ᠳᠤ ᠬᠤᠪᠢ ᠨᠡᠮᠡᠷᠢ ᠪᠡᠨ ᠣᠷᠣᠭᠤᠯᠵᠤ ᠴᠢᠳᠠᠬᠤᠶᠢᠴᠠ ᠦᠨᠳᠦᠰᠦᠨ ᠦ ᠪᠠᠶᠢᠭᠤᠯᠤᠯᠭ᠎ᠠ ᠪᠣᠯᠵᠤ ᠲᠥᠯᠥᠪᠰᠢᠨ ᠬᠥᠭᠵᠢᠵᠦ ᠪᠠᠶᠢᠨ᠎ᠠ᠃
ᠮᠣᠩᠭᠣᠯ ᠤᠯᠤᠰ ᠤᠨ ᠶᠡᠬᠡ ᠬᠤᠷᠠᠯ ᠲᠤᠰ ᠺᠣᠮᠢᠰ ᠤᠨ ᠪᠡᠶ᠎ᠡ ᠳᠠᠭᠠᠭᠠᠭᠰᠠᠨ᠂ ᠬᠠᠷᠢᠶᠠᠲᠤ ᠪᠤᠰᠤ ᠪᠠᠶᠢᠳᠠᠯ ᠢ ᠬᠠᠩᠭᠠᠬᠤ᠂ ᠴᠢᠳᠠᠪᠬᠢ ᠶᠢ ᠪᠡᠬᠢᠵᠢᠭᠦᠯᠬᠦ᠂ ᠡᠷᠬᠡ ᠵᠦᠢ ᠶᠢᠨ ᠦᠨᠳᠦᠰᠦ ᠶᠢ ᠤᠯᠠᠮ ᠪᠣᠯᠪᠠᠰᠤᠷᠠᠩᠭᠤᠢ ᠪᠣᠯᠭᠠᠬᠤ ᠳᠤ ᠴᠢᠭᠯᠡᠭᠰᠡᠨ ᠱᠠᠲᠤ ᠳᠠᠷᠠᠭ᠎ᠠ ᠲᠠᠢ ᠠᠷᠭ᠎ᠠ ᠬᠡᠮᠵᠢᠶ᠎ᠡ ᠠᠪᠴᠤ ᠬᠡᠷᠡᠭᠵᠢᠭᠦᠯᠵᠦ ᠪᠤᠢ ᠶᠢ ᠡᠨᠡ ᠳᠠᠰᠢᠷᠠᠮ ᠳᠤ ᠴᠣᠬᠣᠨ ᠲᠡᠮᠳᠡᠭᠯᠡᠵᠦ ᠪᠠᠶᠢᠨ᠎ᠠ᠃ ᠺᠣᠮᠢᠰ ᠢ ᠤᠯᠤᠰ ᠣᠷᠣᠨ ᠳᠠᠶᠠᠭᠠᠷ ᠴᠢᠭ ᠡᠭᠦᠷᠭᠡ ᠪᠡᠨ ᠬᠡᠷᠡᠭᠵᠢᠭᠦᠯᠬᠦ ᠬᠦᠮᠦᠨ ᠦ ᠨᠥᠭᠡᠴᠡ ᠶᠢᠨ ᠪᠣᠯᠤᠨ ᠰᠠᠩᠬᠦᠦ ᠶᠢᠨ ᠪᠣᠯᠤᠮᠵᠢ ᠪᠠᠷ ᠬᠠᠩᠭᠠᠬᠤ ᠡᠭᠦᠳᠡᠨ ᠡᠴᠡ ᠤᠯᠤᠰ ᠤᠨ ᠶᠡᠬᠡ ᠬᠤᠷᠠᠯ ᠤᠨ 2013 ᠣᠨ ᠤ ᠳᠤᠯᠤᠳᠤᠭᠠᠷ ᠰᠠᠷ᠎ᠠ ᠶᠢᠨ 03 ᠍ ᠤ ᠡᠳᠦᠷ ᠦᠨ 13 ᠳ᠋ᠤᠭᠠᠷ ᠲᠣᠭᠲᠠᠭᠠᠯ ᠢᠶᠠᠷ ᠣᠷᠣᠨ ᠨᠤᠲᠤᠭ ᠲᠤ ᠠᠵᠢᠯᠯᠠᠬᠤ ᠬᠦᠮᠦᠨ ᠦ ᠡᠷᠬᠡ ᠶᠢᠨ ᠦᠨᠳᠦᠰᠦᠨ ᠦ ᠺᠣᠮᠢᠰ ᠤᠨ 21 ᠠᠵᠢᠯᠲᠠᠨ ᠤ ᠣᠷᠣᠨ ᠲᠣᠭ᠎ᠠ᠂ ᠲᠥᠰᠥᠪ ᠢ ᠤᠯᠤᠰ ᠤᠨ ᠲᠥᠰᠥᠪ ᠲᠦ ᠲᠤᠰᠬᠠᠬᠤ ᠡᠭᠦᠷᠭᠡ ᠶᠢ ᠮᠣᠩᠭᠣᠯ ᠤᠯᠤᠰ ᠤᠨ ᠵᠠᠰᠠᠭ ᠤᠨ ᠭᠠᠵᠠᠷ ᠲᠤ ᠥᠭᠭᠦᠭᠰᠡᠨ ᠢᠶᠡᠷ 2014 ᠣᠨ ᠠᠴᠠ ᠠᠶᠢᠮᠠᠭ ᠪᠦᠷᠢ ᠳᠦ ᠲᠣᠭᠲᠠᠮᠠᠯ ᠬᠦᠷᠴᠦ ᠠᠵᠢᠯᠯᠠᠬᠤ ᠪᠣᠯᠤᠮᠵᠢ ᠶᠢ ᠪᠦᠷᠢᠳᠦᠭᠦᠯᠦᠭᠰᠡᠨ ᠶᠤᠮ᠃
ᠡᠷᠬᠡ ᠲᠡᠭᠰᠢ ᠪᠠᠶᠢᠳᠠᠯ ᠢ ᠱᠠᠭᠠᠷᠳᠠᠬᠤ᠂ ᠬᠦᠮᠦᠨ ᠦ ᠦᠨᠳᠦᠰᠦᠨ ᠡᠷᠬᠡ᠂ ᠡᠷᠬᠡ ᠴᠢᠯᠦᠭᠡ ᠶᠢ ᠬᠢᠵᠠᠭᠠᠷᠯᠠᠵᠤ ᠪᠤᠢ ᠠᠯᠢᠪᠠ ᠨᠥᠬᠥᠴᠡᠯ ᠢ ᠠᠷᠢᠯᠭᠠᠬᠤ᠂ ᠬᠦᠮᠦᠨ ᠦ ᠡᠷᠬᠡ ᠶᠢ ᠳᠡᠭᠡᠳᠦᠯᠡᠬᠦ ᠨᠢ ᠮᠣᠩᠭᠣᠯ ᠲᠥᠷᠥ ᠶᠢᠨ ᠡᠷᠬᠢᠮ ᠵᠣᠷᠢᠯᠲᠠ ᠶᠤᠮ᠃ ᠲᠡᠶᠢᠮᠦ ᠡᠴᠡ ᠤᠯᠤᠰ ᠤᠨ ᠶᠡᠬᠡ ᠬᠤᠷᠠᠯ ᠬᠦᠮᠦᠨ ᠦ ᠡᠷᠬᠡ ᠶᠢᠨ ᠦᠨᠳᠦᠰᠦᠨ ᠦ ᠺᠣᠮᠢᠰ ᠤᠨ ᠲᠤᠬᠠᠢ ᠬᠠᠤᠯᠢ ᠶᠢᠨ ᠰᠢᠨᠡᠴᠢᠯᠡᠭᠰᠡᠨ ᠨᠠᠶᠢᠷᠠᠭᠤᠯᠭ᠎ᠠ ᠶᠢ 2020 ᠣᠨ ᠤ ᠨᠢᠭᠡᠳᠦᠭᠡᠷ ᠰᠠᠷ᠎ᠠ ᠳᠤ ᠪᠠᠲᠤᠯᠠᠭᠰᠠᠨ᠃ ᠢᠩᠭᠢᠬᠦ ᠳᠦ ᠪᠡᠨ ᠡᠮᠦᠨ᠎ᠡ ᠨᠢ ᠲᠤᠰ ᠺᠣᠮᠢᠰ ᠠᠴᠠ ᠵᠢᠯ ᠪᠦᠷᠢ ᠤᠯᠤᠰ ᠤᠨ ᠶᠡᠬᠡ ᠬᠤᠷᠠᠯ ᠳᠤ ᠡᠷᠭᠦᠨ ᠮᠡᠳᠡᠭᠦᠯᠳᠡᠭ ᠪᠠᠶᠢᠭᠰᠠᠨ ᠮᠣᠩᠭᠣᠯ ᠤᠯᠤᠰ ᠳᠠᠬᠢ ᠬᠦᠮᠦᠨ ᠦ ᠡᠷᠬᠡ᠂ ᠡᠷᠬᠡ ᠴᠢᠯᠦᠭᠡᠨ ᠦ ᠪᠠᠶᠢᠳᠠᠯ ᠤᠨ ᠲᠠᠯᠠᠭᠠᠷᠬᠢ ᠢᠯᠡᠳᠬᠡᠯ ᠢ  ᠬᠤᠯᠪᠤᠭᠳᠠᠬᠤ ᠬᠣᠷᠢᠶ᠎ᠠ ᠪᠠᠷ ᠣᠷᠣᠭᠤᠯᠵᠤ ᠴᠢᠭᠯᠡᠯ ᠥᠭᠭᠦᠭᠰᠡᠨ ᠲᠣᠭᠲᠠᠭᠠᠯ ᠭᠠᠷᠭᠠᠭᠰᠠᠨ ᠲᠡᠳᠦᠢ ᠪᠡᠷ ᠬᠡᠯᠡᠯᠴᠡᠭᠰᠡᠨ ᠨᠡᠷ᠎ᠡ ᠵᠡᠭᠦᠳᠡᠭ ᠫᠷᠠᠺᠲ᠋ᠢᠭ ᠢ ᠥᠭᠡᠷᠡᠴᠢᠯᠡᠵᠦ᠂ ᠤᠭ ᠲᠠᠢᠯᠤᠨ ᠢ ᠤᠯᠤᠰ ᠤᠨ ᠶᠡᠬᠡ ᠬᠤᠷᠠᠯ ᠤᠨ ᠨᠢᠭᠡᠳᠦᠭᠰᠡᠨ ᠴᠢᠭᠤᠯᠭᠠᠨ ᠢᠶᠠᠷ ᠵᠠᠪᠠᠯ ᠬᠡᠯᠡᠯᠴᠡᠭᠦᠯᠳᠡᠭ ᠪᠣᠯᠤᠭᠰᠠᠨ᠃ ᠮᠥᠨ ᠬᠦᠮᠦᠨ ᠦ ᠡᠷᠬᠡ ᠶᠢᠨ ᠦᠨᠳᠦᠰᠦᠨ ᠦ ᠺᠣᠮᠢᠰ ᠤᠨ ᠭᠡᠰᠢᠭᠦᠳ ᠢ ᠠᠩᠬ᠎ᠠ ᠤᠳᠠᠭ᠎ᠠ ᠨᠡᠭᠡᠭᠡᠯᠲᠡ ᠲᠡᠢ ᠰᠣᠩᠭᠣᠨ ᠰᠢᠯᠭᠠᠷᠠᠭᠤᠯᠤᠯᠲᠠ ᠪᠠᠷ ᠲᠣᠮᠢᠯᠠᠭᠰᠠᠨ ᠨᠢ ᠵᠢᠱᠢᠭ ᠪᠣᠯᠬᠤᠶᠢᠴᠠ ᠠᠯᠬᠤᠮ ᠪᠣᠯᠤᠭᠰᠠᠨ ᠪᠢᠯᠡ᠃
ᠤᠯᠠᠮ ᠢᠶᠠᠷ ᠤᠯᠤᠰ ᠤᠨ ᠶᠡᠬᠡ ᠬᠤᠷᠠᠯ ︽ᠬᠦᠮᠦᠨ ᠦ ᠡᠷᠬᠡ ᠶᠢᠨ ᠬᠠᠮᠠᠭᠠᠯᠠᠭᠴᠢ ᠶᠢᠨ ᠡᠷᠬᠡ ᠵᠦᠢ ᠶᠢᠨ ᠪᠠᠶᠢᠳᠠᠯ ᠤᠨ ᠲᠤᠬᠠᠢ︾ᠬᠠᠤᠯᠢ ᠭᠠᠷᠭᠠᠬᠤ ᠪᠠᠷ ᠠᠵᠢᠯᠯᠠᠵᠤ ᠪᠠᠶᠢᠭ᠎ᠠ ᠶᠢ ᠣᠯᠠᠨ ᠤᠯᠤᠰ ᠤᠨ ᠪᠠᠶᠢᠭᠤᠯᠤᠯᠭ᠎ᠠ ᠨᠤᠭᠤᠳ ᠰᠠᠶᠢᠰᠢᠶᠠᠵᠤ᠂ ᠬᠠᠮᠲᠤᠷᠠᠨ ᠠᠵᠢᠯᠯᠠᠬᠤ ᠳᠤ ᠪᠡᠯᠡᠨ ᠭᠡᠳᠡᠭ ᠢᠶᠡᠨ ᠢᠯᠡᠷᠬᠡᠶᠢᠯᠡᠵᠦ ᠪᠠᠶᠢᠨ᠎ᠠ᠃ ᠡᠨᠡ ᠬᠠᠤᠯᠢ ᠪᠠᠲᠤᠯᠠᠭᠳᠠᠪᠠᠯ ᠮᠣᠩᠭᠣᠯ ᠤᠯᠤᠰ ᠪᠥᠰᠡ ᠨᠤᠲᠤᠭ ᠲᠤ ᠪᠠᠨ ᠡᠶᠢᠮᠦ ᠲᠥᠷᠥᠯ ᠦᠨ ᠬᠠᠤᠯᠢ ᠶᠢ ᠪᠠᠲᠤᠯᠠᠵᠤ ᠬᠡᠷᠡᠭᠵᠢᠭᠦᠯᠦᠭᠰᠡᠨ ᠠᠩᠬᠠᠨ ᠤ ᠤᠯᠤᠰ ᠪᠣᠯᠬᠤ ᠶᠤᠮ᠃ ᠮᠣᠩᠭᠣᠯ ᠬᠦᠮᠦᠨ ᠦ ᠡᠷᠬᠡ ᠪᠣᠯ ᠮᠣᠩᠭᠣᠯ ᠤᠨ ᠠᠷᠠᠳ ᠲᠦᠮᠡᠨ ᠬᠦᠮᠦᠨ ᠦ ᠳᠠᠶᠢᠲᠠᠢ ᠠᠮᠢᠳᠤᠷᠠᠬᠤ᠂ ᠮᠣᠩᠭᠣᠯ ᠣᠷᠣᠨ ᠤᠯᠤᠰ ᠤᠨ ᠳᠠᠶᠢᠲᠠᠢ ᠬᠥᠭᠵᠢᠨ ᠳᠡᠪᠵᠢᠬᠦ ᠨᠢᠭᠡᠨ ᠪᠠᠲᠤᠯᠠᠭ᠎ᠠ ᠶᠤᠮ᠃ ᠠᠷᠠᠳᠴᠢᠯᠠᠯ᠂ ᠬᠦᠮᠦᠨ ᠦ ᠡᠷᠬᠡ ᠬᠣᠶᠠᠷ ᠢ ᠢᠯᠭᠠᠵᠤ ᠰᠠᠯᠭᠠᠬᠤ ᠠᠷᠭ᠎ᠠ ᠦᠭᠡᠢ᠃ ᠬᠡᠷᠪᠡ ᠪᠢᠳᠡ ᠠᠷᠠᠳᠴᠢᠯᠠᠯ ᠢ ᠡᠷᠬᠢᠮᠯᠡᠳᠡᠭ ᠪᠣᠯ ᠬᠦᠮᠦᠨ ᠦ ᠡᠷᠬᠡ ᠶᠢ ᠶᠠᠭ ᠲᠡᠭᠦᠨ ᠲᠡᠢ ᠠᠳᠠᠯᠢ ᠳᠡᠭᠡᠳᠦᠯᠡᠬᠦ ᠶᠣᠰᠣᠲᠠᠢ᠃
ᠲᠡᠶᠢᠮᠦ ᠡᠴᠡ ᠪᠠᠲᠤᠯᠠᠭᠰᠠᠨ ᠬᠠᠤᠯᠢ ᠶᠢ ᠬᠡᠷᠡᠭᠵᠢᠭᠦᠯᠬᠦ᠂ ᠬᠦᠮᠦᠨ ᠦ ᠡᠷᠬᠡ ᠶᠢ ᠬᠠᠮᠠᠭᠠᠯᠠᠭᠴᠢᠳ ᠤᠨ ᠬᠦᠴᠦ ᠶᠢ ᠨᠢᠭᠡᠳᠬᠡᠵᠦ᠂ ᠬᠠᠮᠲᠤᠷᠠᠨ ᠠᠵᠢᠯᠯᠠᠬᠤ ᠳᠤ ᠬᠦᠮᠦᠨ ᠦ ᠡᠷᠬᠡ ᠶᠢᠨ ᠦᠨᠳᠦᠰᠦᠨ ᠦ ᠺᠣᠮᠢᠰ ᠮᠠᠩᠯᠠᠶᠢᠯᠠᠯ ᠦᠵᠡᠭᠦᠯᠬᠦ ᠤᠴᠢᠷᠲᠠᠢ᠃ ᠬᠦᠮᠦᠨ ᠦ ᠡᠷᠬᠡ ᠶᠢᠨ ᠲᠥᠯᠥᠭᠡ ᠲᠤᠤᠱᠲᠠᠢ ᠲᠡᠮᠡᠴᠡᠵᠦ᠂ ᠮᠣᠩᠭᠣᠯ ᠤᠯᠤᠰ ᠤᠨ ᠦᠨᠳᠦᠰᠦᠨ ᠬᠠᠤᠯᠢ ᠳᠤ ᠵᠢᠭᠠᠭᠰᠠᠨ ᠮᠣᠩᠭᠣᠯ ᠬᠦᠮᠦᠨ ᠦ ᠡᠷᠬᠡ᠂ ᠡᠷᠬᠡ ᠴᠢᠯᠦᠭᠡ ᠶᠢ ᠪᠦᠷᠢᠨ ᠳᠦᠭᠦᠷᠡᠩ ᠬᠠᠩᠭᠠᠬᠤ ᠶᠢᠨ ᠲᠥᠯᠥᠭᠡ ᠴᠤᠴᠠᠰᠢ ᠦᠭᠡᠢ᠂ ᠴᠢᠩ ᠰᠢᠳᠤᠷᠭᠤ ᠪᠠᠷ ᠠᠵᠢᠯᠯᠠᠬᠤ ᠶᠢ ᠲᠠ ᠪᠦᠬᠦᠨ ᠡᠴᠡ ᠬᠦᠰᠡᠶ᠎ᠡ᠃ ᠢᠩᠭᠢᠵᠦ ᠴᠢᠳᠠᠪᠠᠯ ᠮᠣᠩᠭᠣᠯ ᠬᠦᠮᠦᠨ ᠦ ᠠᠮᠢᠳᠤᠷᠠᠯ ᠲᠡᠭᠰᠢ ᠳᠦᠭᠦᠷᠡᠩ ᠪᠣᠯᠤᠨ᠎ᠠ᠃ ᠮᠣᠩᠭᠣᠯ ᠤᠯᠤᠰ ᠬᠥᠭᠵᠢᠨ ᠴᠡᠴᠡᠭᠯᠡᠵᠦ᠂ ᠰᠡᠷᠭᠦᠨ ᠮᠠᠨᠳᠤᠨ᠎ᠠ᠃
ᠮᠤᠩᠭᠤᠯ ᠤᠯᠤᠰ ᠤᠨ ᠶᠡᠬᠡ ᠬᠤᠷᠠᠯ ᠤᠨ ᠳᠠᠷᠤᠭ᠎ᠠ ᠭᠤᠮᠪᠤᠵᠠᠪ ᠤᠨ ᠽᠠᠨᠳᠠᠨᠰᠢᠲᠠᠷ᠎ᠠ
2021.02.02
ᠤᠯᠠᠭᠠᠨᠪᠠᠭᠠᠲᠤᠷ ᠬᠣᠲᠠ

ᠰᠡᠳᠬᠢᠭᠳᠡᠯ ᠦᠯᠡᠳᠡᠭᠡᠬᠦ