ᠺᠢᠨᠣ᠋ ᠤᠷᠠᠯᠢᠭ ᠤᠨ ᠬᠠᠤᠯᠢ ᠶᠢᠨ ᠲᠥᠰᠥᠯ  ᠦᠨ ᠲᠠᠯ᠎ᠠ ᠪᠠᠷ ᠶᠠᠷᠢᠯᠴᠠᠵᠠᠢ | News.MN

ᠺᠢᠨᠣ᠋ ᠤᠷᠠᠯᠢᠭ ᠤᠨ ᠬᠠᠤᠯᠢ ᠶᠢᠨ ᠲᠥᠰᠥᠯ  ᠦᠨ ᠲᠠᠯ᠎ᠠ ᠪᠠᠷ ᠶᠠᠷᠢᠯᠴᠠᠵᠠᠢ

 

ᠵᠠᠰᠠᠭ ᠤᠨ ᠭᠠᠵᠠᠷ ᠠᠴᠠ ᠡᠷᠭᠦᠨ ᠮᠡᠳᠡᠭᠦᠯᠦᠭᠰᠡᠨ ︽ᠺᠢᠨᠣ᠋ ᠤᠷᠠᠯᠢᠭ ᠢ ᠳᠡᠮᠵᠢᠬᠦ ᠲᠤᠬᠠᠢ︾ ᠬᠠᠤᠯᠢ ᠶᠢᠨ ᠲᠥᠰᠥᠯ ᠦᠨ ᠠᠵᠢᠯ ᠤᠨ ᠬᠡᠰᠡᠭ ᠦᠨ ᠠᠬᠠᠯᠠᠭᠴᠢ᠂ ᠤᠯᠤᠰ ᠤᠨ ᠶᠡᠬᠡ ᠬᠤᠷᠠᠯ ᠦᠨ ᠭᠡᠰᠢᠭᠦᠨ ᠪ ∙ ᠵᠢᠷᠭᠠᠯᠮ᠎ᠠ᠂ ᠳᠡᠳ᠋ ᠠᠵᠢᠯ ᠤᠨ ᠬᠡᠰᠡᠭ ᠦᠨ ᠨᠦᠬᠦᠳ ᠦᠨ ᠢᠶᠡᠨ ᠬᠠᠮᠲᠤ ᠪᠠᠷ ᠺᠢᠨᠤ᠋ ᠶᠢᠨ ᠰᠠᠯᠪᠤᠷᠢ ᠶᠢᠨ ᠬᠦᠮᠦᠨ ᠦ ᠨᠥᠭᠡᠴᠡ ᠶᠢ ᠪᠡᠯᠡᠳᠬᠡᠭᠴᠢ᠂ ᠺᠢᠨᠣ᠋ ᠦᠢᠯᠡᠳᠪᠦᠷᠢᠯᠡᠭᠴᠢ᠂ ᠺᠢᠨᠣ᠋ ᠲᠦᠭᠡᠭᠡᠭᠴᠢ ᠲᠠᠢ ᠠᠭᠤᠯᠵᠠᠯ᠎ᠠ᠃

ᠰᠤᠶᠤᠯ ᠤᠷᠠᠯᠢᠭ ᠤᠨ ᠶᠡᠬᠡ ᠰᠤᠷᠭᠠᠭᠤᠯᠢ  ᠶᠢᠨ ᠡᠷᠳᠡᠮᠲᠡᠳ ᠳ∙ᠤᠳᠤᠰᠦ᠋ᠷᠤᠩ ᠬᠠᠤᠯᠢ ᠶᠢᠨ ᠲᠥᠰᠥᠯ ᠳᠦ ᠤᠷᠤᠭᠤᠯᠬᠤ ᠰᠠᠨᠠᠯ ᠢᠶᠠᠨ ᠲᠠᠨᠢᠯᠴᠠᠭᠤᠯᠤᠭᠰᠠᠨ ᠪᠠᠶᠢᠨ᠎ᠠ᠃ ᠲᠡᠷᠡ ᠪᠡᠷ ᠬᠠᠤᠯᠢ  ᠳᠦ ᠺᠢᠨᠤ᠋ ᠶᠢᠨ ᠴᠢᠭᠯᠡᠯ ᠢᠶᠡᠷ ᠬᠥᠲᠥᠯᠪᠦᠷᠢ ᠬᠡᠷᠡᠭᠵᠢᠭᠦᠯᠵᠦ ᠪᠠᠶᠢᠭ᠎ᠠ ᠳᠡᠭᠡᠳᠦ ᠪᠣᠯᠪᠠᠰᠤᠷᠠᠯ ᠤᠨ ᠪᠠᠶᠢᠭᠤᠯᠤᠯᠭ᠎ᠠ ᠭᠡᠵᠦ ᠨᠡᠮᠡᠵᠦ ᠤᠷᠤᠭᠤᠯᠬᠤ᠂ ᠲᠥᠷᠥ ᠶᠢᠨ ᠳᠡᠮᠵᠢᠯᠭᠡ ᠲᠤᠷᠰᠢᠯᠭ᠎ᠠ ᠲᠠᠢ ᠤᠷᠠᠨ ᠪᠦᠲᠦᠭᠡᠯᠴᠢᠳ ᠡᠴᠡ ᠭᠠᠳᠠᠨ᠎ᠠ ᠰᠢᠨ᠎ᠡ ᠵᠠᠯᠠᠭᠤ ᠤᠷᠠᠨ ᠪᠦᠲᠦᠭᠡᠯᠴᠢᠳ ᠲᠦ ᠨᠡᠭᠡᠭᠡᠯᠲᠡ ᠲᠡᠢ ᠪᠠᠶᠢᠬᠤ᠂ ᠺᠢᠨᠣ᠋ ᠤᠷᠠᠯᠢᠭ ᠤᠨ ᠢᠨᠺᠦᠪᠠᠲ᠋ᠤᠷ ᠲᠥᠪ ᠪᠠᠶᠢᠭᠤᠯᠬᠤ᠂ ᠮᠣᠩᠭᠣᠯ ᠤᠯᠤᠰ ᠲᠤ ᠱᠠᠭᠠᠷᠳᠠᠯᠭ᠎ᠠ ᠲᠠᠢ ᠲᠡᠷᠢᠭᠦᠯᠡᠬᠦ ᠴᠢᠭᠯᠡᠯ ᠦᠨ ᠮᠡᠷᠭᠡᠵᠢᠯ ᠦᠨ ᠵᠢᠭᠰᠠᠭᠠᠯᠲᠠ ᠳᠤ ᠺᠢᠨᠤ᠋ ᠶᠢᠨ ᠮᠡᠷᠭᠡᠵᠢᠯᠲᠡᠨ ᠢ ᠤᠷᠤᠭᠤᠯᠬᠤ ᠵᠡᠷᠭᠡ ᠰᠠᠨᠠᠯ ᠭᠠᠷᠭᠠᠵᠠᠢ᠃

ᠰᠡᠳᠬᠢᠭᠳᠡᠯ ᠦᠯᠡᠳᠡᠭᠡᠬᠦ