︽ᠡᠬᠡ ᠣᠷᠣᠨ ᠤ ᠴᠡᠷᠢᠭ︾ᠢᠷᠠᠭᠤ ᠨᠠᠶᠢᠷᠠᠭ ᠤᠨ ᠨᠠᠭᠠᠳᠤᠮ ᠪᠤᠯᠤᠨ᠎ᠠ  | News.MN

︽ᠡᠬᠡ ᠣᠷᠣᠨ ᠤ ᠴᠡᠷᠢᠭ︾ᠢᠷᠠᠭᠤ ᠨᠠᠶᠢᠷᠠᠭ ᠤᠨ ᠨᠠᠭᠠᠳᠤᠮ ᠪᠤᠯᠤᠨ᠎ᠠ 

 

ᠴᠡᠷᠢᠭ ᠡᠬᠡ ᠣᠷᠣᠨ ᠤ ᠰᠡᠳᠦᠪᠲᠦ ᠢᠷᠠᠭᠤ ᠨᠠᠶᠢᠷᠠᠭ ᠤᠨ ᠥᠪ ᠰᠠᠩ ᠢ ᠪᠠᠶᠠᠵᠢᠭᠤᠯᠬᠤ᠂ ᠴᠡᠷᠢᠭ ᠡᠬᠡ ᠣᠷᠣᠨᠴᠢ ᠦᠵᠡᠯ ᠢ ᠲᠥᠯᠦᠪᠰᠢᠭᠦᠯᠬᠦ ᠵᠣᠷᠢᠯᠭ᠎ᠠ ᠪᠠᠷ 1989 ᠣᠨ ᠠᠴᠠ ᠬᠣᠶᠢᠰᠢ ᠵᠢᠯ ᠪᠦᠷᠢ︽ᠡᠬᠡ ᠣᠷᠣᠨ ᠤ ᠴᠡᠷᠢᠭ︾ᠢᠷᠠᠭᠤ ᠨᠠᠶᠢᠷᠠᠭ ᠤᠨ ᠨᠠᠭᠠᠳᠤᠮ ᠢ ᠵᠣᠬᠢᠶᠠᠨ ᠪᠠᠶᠢᠭᠤᠯᠵᠤ ᠢᠷᠡᠭᠰᠡᠨ᠃ ᠡᠨᠡ ᠵᠢᠯ ᠲᠤᠰ ᠨᠠᠭᠠᠳᠤᠮ ᠢ ᠪᠠᠲᠤᠯᠠᠨ ᠬᠠᠮᠠᠭᠠᠯᠠᠬᠤ ᠠᠰᠠᠭᠤᠳᠠᠯ ᠡᠷᠬᠢᠯᠡᠭᠰᠡᠨ ᠲᠥᠷᠥ ᠶᠢᠨ ᠵᠠᠬᠢᠷᠭᠠᠨ ᠤ ᠲᠥᠪ ᠪᠠᠶᠢᠭᠤᠯᠤᠯᠭ᠎ᠠ ᠶᠢᠨ 110᠂ ᠣᠷᠴᠢᠨ ᠴᠠᠭ ᠤᠨ ᠵᠡᠪᠰᠡᠭᠲᠦ ᠬᠦᠴᠦᠨ ᠡᠭᠦᠰᠦᠨ ᠪᠠᠢᠭᠤᠯᠤᠭᠳᠠᠭᠰᠠᠨ ᠤ 100 ᠵᠢᠯ ᠦᠨ ᠣᠢ ᠶᠢᠨ ᠬᠦᠷᠢᠶᠡᠨ ᠳᠦ ᠵᠣᠬᠢᠶᠠᠨ ᠪᠠᠶᠢᠭᠤᠯᠬᠤ ᠪᠠᠷ ᠲᠥᠯᠥᠪᠯᠡᠵᠡᠢ᠃
ᠡᠨᠡ ᠤᠳᠠᠭ᠎ᠠ ᠶᠢᠨ ᠨᠠᠭᠠᠳᠤᠮ ᠬᠣᠶᠠᠷ ᠱᠠᠲᠤᠨ ᠤ ᠰᠢᠯᠭᠠᠷᠠᠭᠤᠯᠤᠯᠲᠠ ᠪᠠᠷ ᠶᠠᠪᠤᠭᠳᠠᠬᠤ ᠪᠥᠭᠡᠳ ᠨᠢᠭᠡᠳᠦᠭᠡᠷ ᠱᠠᠲᠤᠨ ᠳᠤ ᠥᠷᠢᠰᠥᠯᠳᠥᠬᠦ ᠪᠦᠲᠦᠭᠡᠯ ᠦᠳ ᠢ ᠡᠨᠡ ᠰᠠᠷ᠎ᠠ ᠶᠢᠨ 1  ᠡᠴᠡ ᠢᠷᠡᠬᠦ ᠭᠤᠷᠪᠠᠳᠤᠭᠠᠷ ᠰᠠᠷ᠎ᠠ ᠶᠢᠨ 4 ᠬᠦᠷᠲᠡᠯ᠎ᠡ ᠴᠠᠬᠢᠮ ᠢᠶᠠᠷ ᠬᠦᠯᠢᠶᠡᠨ ᠠᠪᠬᠤ ᠶᠤᠮ ᠪᠠᠶᠢᠨ᠎ᠠ᠃ ᠬᠣᠶᠠᠳᠤᠭᠠᠷ ᠱᠠᠲᠤᠨ ᠳᠤ ᠰᠢᠭᠦᠭᠴᠢ ᠶᠢᠨ ᠪᠦᠷᠢᠯᠳᠦᠬᠦᠨ ᠦ ᠤᠨᠤᠭ᠎ᠠ ᠶᠢᠨ ᠳᠠᠭᠠᠤ ᠰᠢᠯᠭᠠᠷᠠᠭᠰᠠᠨ 25 ᠨᠠᠶᠢᠷᠠᠭᠴᠢ  ᠶᠢᠨ ᠰᠢᠯᠦᠭ ᠢ ᠨᠢ ᠰᠣᠨᠣᠰᠴᠤ ᠰᠢᠯᠢᠳᠡᠭ ᠦᠳ ᠢᠶᠡᠨ ᠲᠣᠳᠣᠷᠠᠭᠤᠯᠬᠤ ᠶᠤᠮ᠃

ᠰᠡᠳᠬᠢᠭᠳᠡᠯ ᠦᠯᠡᠳᠡᠭᠡᠬᠦ