ᠪ ∙ ᠪᠠᠲᠤᠴᠡᠴᠡᠭ ᠣᠷᠣᠰ ᠂ ᠬᠢᠲᠠᠳ ᠤᠨ ᠡᠯᠴᠢᠨ ᠰᠠᠶᠢᠳ  ᠢ ᠬᠦᠯᠢᠶᠡᠨ ᠠᠪᠴᠤ ᠠᠭᠤᠯᠵᠠᠵᠠᠢ  | News.MN

ᠪ ∙ ᠪᠠᠲᠤᠴᠡᠴᠡᠭ ᠣᠷᠣᠰ ᠂ ᠬᠢᠲᠠᠳ ᠤᠨ ᠡᠯᠴᠢᠨ ᠰᠠᠶᠢᠳ  ᠢ ᠬᠦᠯᠢᠶᠡᠨ ᠠᠪᠴᠤ ᠠᠭᠤᠯᠵᠠᠵᠠᠢ 

 

ᠭᠠᠳᠠᠭᠠᠳᠤ ᠬᠠᠷᠢᠯᠴᠠᠭᠠᠨ ᠤ ᠶᠠᠮᠤᠨ ᠤ ᠰᠠᠶᠢᠳ ᠪ ∙ ᠪᠠᠲᠤᠴᠡᠴᠡᠭ ᠥᠴᠥᠭᠡᠳᠦᠷ ᠬᠥᠷᠰᠢ ᠬᠣᠶᠠᠷ ᠣᠷᠣᠨ ᠪᠣᠯᠬᠤ ᠣᠷᠣᠰ᠂ ᠬᠢᠲᠠᠳ ᠠᠴᠠ ᠮᠣᠩᠭᠣᠯ ᠤᠯᠤᠰ ᠲᠤ ᠰᠠᠭᠤᠭ᠎ᠠ ᠡᠯᠴᠢᠨ ᠰᠠᠶᠢᠳ  ᠢ ᠬᠦᠯᠢᠶᠡᠨ ᠠᠪᠴᠤ ᠠᠭᠤᠯᠵᠠᠵᠠᠢ᠃ ᠣᠷᠣᠰ ᠤᠨ ᠡᠯᠴᠢᠨ ᠰᠠᠶᠢᠳ ᠢ᠊∙ᠺ∙ᠠᠽᠢᠽᠣᠪ ᠠᠭᠤᠯᠵᠠᠯᠲᠠ ᠶᠢᠨ ᠡᠬᠢᠨ ᠳᠦ ᠣᠷᠣᠰ  ᠤᠨ ᠭᠠᠳᠠᠭᠠᠳᠤ ᠬᠡᠷᠡᠭ ᠦᠨ ᠰᠠᠶᠢᠳ ᠰ∙ᠸ∙ ᠯᠠᠪᠷᠤᠪ ᠤᠨ ᠪᠠᠶᠠᠷ ᠤᠨ ᠢᠯᠡᠭᠡᠯᠲᠡ ᠶᠢ ᠤᠯᠠᠮᠵᠢᠯᠠᠭᠰᠠᠨ ᠪᠠᠶᠢᠨ᠎ᠠ᠃
ᠪ∙ᠪᠠᠲᠤᠴᠡᠴᠡᠭ᠂ ᠢ᠊∙ ᠺ∙ᠠᠽᠢᠽᠣᠪ ᠨᠠᠷ ᠮᠣᠩᠭᠣᠯ᠂ ᠣᠷᠣᠰ ᠤᠨ ᠢᠵᠢ ᠪᠦᠷᠢᠨ ᠰᠲᠷᠠᠲ᠋ᠧᠭᠢ ᠶᠢᠨ ᠲᠦᠩᠰᠢᠯᠡᠯ ᠦᠨ ᠬᠠᠷᠢᠯᠴᠠᠭ᠎ᠠ ᠶᠢ ᠭᠦᠨᠵᠡᠭᠡᠶᠢᠷᠡᠭᠦᠯᠵᠦ᠂ ᠰᠢᠨ᠎ᠡ ᠠᠭᠤᠯᠭ᠎ᠠ ᠪᠠᠷ ᠪᠠᠶᠠᠵᠢᠭᠤᠯᠬᠤ ᠲᠠᠢ ᠬᠣᠯᠪᠣᠭ᠎ᠠ ᠲᠠᠢ ᠥᠷᠭᠡᠨ ᠬᠦᠷᠢᠶᠡᠨ ᠦ ᠠᠰᠠᠭᠤᠳᠠᠯ ᠢᠶᠠᠷ ᠰᠠᠨᠠᠯ ᠰᠣᠯᠢᠯᠴᠠᠵᠠᠢ᠃ ᠮᠥᠨ ᠡᠨᠡ ᠵᠢᠯ ᠲᠣᠬᠢᠶᠠᠵᠤ ᠪᠤᠢ ᠮᠣᠩᠭᠣᠯ ᠣᠷᠣᠰ  ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 100 ᠵᠢᠯ ᠦᠨ ᠣᠢ ᠶᠢ ᠬᠠᠮᠲᠤᠷᠠᠨ ᠲᠡᠮᠳᠡᠭᠯᠡᠬᠦ᠂ ᠥᠨᠳᠥᠷ ᠲᠦᠪᠰᠢᠨ ᠦ ᠠᠶᠢᠯᠴᠢᠯᠠᠯ ᠵᠣᠬᠢᠶᠠᠨ ᠪᠠᠶᠢᠭᠤᠯᠬᠤ ᠵᠡᠷᠭᠡ ᠠᠰᠠᠭᠤᠳᠠᠯ ᠢᠶᠠᠷ ᠶᠠᠷᠢᠯᠴᠠᠭᠰᠠᠨ ᠪᠠᠶᠢᠨ᠎ᠠ᠃
ᠬᠢᠲᠠᠳ ᠤᠨ ᠡᠯᠴᠢᠨ ᠰᠠᠶᠢᠳ ᠴᠠᠢ ᠸᠸᠨ ᠷᠦᠢ ᠠᠭᠤᠯᠵᠠᠯᠲᠠ ᠶᠢᠨ ᠡᠬᠢᠨ ᠳᠦ ᠬᠢᠲᠠᠳ  ᠤᠨ ᠭᠠᠳᠠᠭᠠᠳᠤ ᠬᠡᠷᠡᠭ ᠦᠨ ᠰᠠᠶᠢᠳ ᠸᠠᠩ ᠢ ᠪᠠᠶᠠᠷ ᠬᠦᠷᠭᠡᠭᠰᠡᠨ ᠵᠠᠬᠢᠳᠠᠯ ᠢᠷᠡᠭᠦᠯᠦᠭᠰᠡᠨ ᠢ ᠲᠡᠮᠳᠡᠭᠯᠡᠵᠦ᠂ ᠴᠠᠭᠠᠰᠢᠳᠠ ᠶᠢᠨ ᠠᠵᠢᠯ ᠳᠤ ᠨᠢ ᠥᠨᠳᠥᠷ ᠠᠮᠵᠢᠯᠲᠠ ᠬᠦᠰᠡᠵᠡᠢ᠃ ᠪ ∙ ᠪᠠᠲᠤᠴᠡᠴᠡᠭ᠂ ᠴᠠᠢ ᠸᠸᠨ ᠷᠦᠢ ᠨᠠᠷ ᠮᠣᠩᠭᠣᠯ᠂ ᠬᠢᠲᠠᠳ ᠤᠨ ᠢᠵᠢ ᠪᠦᠷᠢᠨ ᠰᠲᠷᠠᠲ᠋ᠧᠭᠢ ᠶᠢᠨ ᠲᠦᠩᠰᠢᠯᠡᠯ ᠦᠨ ᠬᠠᠷᠢᠯᠴᠠᠭ᠎ᠠ ᠶᠢ ᠭᠦᠨᠵᠡᠭᠡᠶᠢᠷᠡᠭᠦᠯᠵᠦ᠂ ᠰᠢᠨ᠎ᠡ ᠠᠭᠤᠯᠭ᠎ᠠ ᠪᠠᠷ ᠪᠠᠶᠠᠵᠢᠭᠤᠯᠬᠤ ᠲᠠᠢ ᠬᠣᠯᠪᠣᠭ᠎ᠠ ᠲᠠᠢ ᠥᠷᠭᠡᠨ ᠬᠦᠷᠢᠶᠡᠨ ᠦ ᠠᠰᠠᠭᠤᠳᠠᠯ ᠢᠶᠠᠷ ᠰᠠᠨᠠᠯ ᠰᠣᠯᠢᠯᠴᠠᠭᠰᠠᠨ ᠪᠠᠶᠢᠨ᠎ᠠ᠃
ᠴᠠᠷ᠎ᠠ ᠲᠠᠬᠤᠯ ᠤᠨ ᠨᠥᠬᠥᠴᠡᠯ ᠪᠠᠶᠢᠳᠠᠯ ᠳᠤ ᠴᠤ ᠬᠣᠶᠠᠷ ᠤᠯᠤᠰ ᠤᠨ ᠬᠠᠷᠢᠯᠴᠠᠭᠠᠨ ᠤ ᠢᠳᠡᠪᠬᠢᠲᠡᠢ ᠬᠠᠨᠳᠤᠯᠭ᠎ᠠ ᠶᠢ ᠬᠠᠳᠠᠭᠠᠯᠠᠬᠤ ᠵᠣᠷᠢᠯᠭ᠎ᠠ ᠪᠠᠷ ᠲᠣᠬᠢᠷᠠᠮᠵᠢᠲᠠᠢ ᠦᠶ᠎ᠡ ᠳᠦ ᠬᠣᠶᠠᠷ ᠲᠠᠯ᠎ᠠ ᠠᠴᠠ ᠳᠡᠭᠡᠳᠦ᠂ ᠥᠨᠳᠥᠷ ᠲᠦᠪᠰᠢᠨ ᠦ ᠠᠶᠢᠯᠴᠢᠯᠠᠯ ᠬᠡᠷᠡᠭᠵᠢᠭᠦᠯᠬᠦ᠂ ︽ᠨᠣᠭᠣᠭᠠᠨ ᠭᠠᠷᠴᠠ︾ ᠶᠢᠨ ᠵᠢᠷᠤᠮ ᠢ ᠲᠣᠭᠲᠠᠪᠤᠷᠢᠲᠠᠢ ᠬᠡᠷᠡᠭᠵᠢᠭᠦᠯᠬᠦ ᠵᠠᠮ ᠢᠶᠠᠷ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠮᠲᠤ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠬᠦ᠂ ᠰᠤᠶᠤᠯ᠂ ᠬᠦᠮᠦᠯᠢᠭ ᠦᠨ ᠬᠠᠮᠲᠤ ᠶᠢᠨ ᠠᠵᠢᠯᠯᠠᠭ᠎ᠠ ᠶᠢ ᠳᠡᠮᠵᠢᠨ ᠠᠵᠢᠯᠯᠠᠬᠤ ᠲᠠᠯ᠎ᠠ ᠪᠠᠷ ᠲᠡᠳᠡ ᠰᠠᠨᠠᠯ ᠨᠢᠭᠡᠳᠴᠡᠢ᠃

ᠰᠡᠳᠬᠢᠭᠳᠡᠯ ᠦᠯᠡᠳᠡᠭᠡᠬᠦ