ᠶᠡᠬᠡ  ᠪᠷᠢᠲ᠋ᠠᠨ ᠬᠤᠳᠠᠯᠳᠤᠭᠠᠨ ᠤ ᠬᠥᠩᠭᠡᠯᠡᠯᠲᠡ ᠶᠢᠨ ᠶᠡᠷᠦᠩᠬᠡᠢ ᠰᠢᠰᠲ᠋ᠧᠮ ᠳᠦ ᠬᠠᠮᠤᠷᠤᠭᠤᠯᠬᠤ ᠨᠣᠲ᠋ᠠ ᠪᠢᠴᠢᠭ ᠰᠤᠯᠢᠯᠴᠠᠪᠠ  | News.MN

ᠶᠡᠬᠡ  ᠪᠷᠢᠲ᠋ᠠᠨ ᠬᠤᠳᠠᠯᠳᠤᠭᠠᠨ ᠤ ᠬᠥᠩᠭᠡᠯᠡᠯᠲᠡ ᠶᠢᠨ ᠶᠡᠷᠦᠩᠬᠡᠢ ᠰᠢᠰᠲ᠋ᠧᠮ ᠳᠦ ᠬᠠᠮᠤᠷᠤᠭᠤᠯᠬᠤ ᠨᠣᠲ᠋ᠠ ᠪᠢᠴᠢᠭ ᠰᠤᠯᠢᠯᠴᠠᠪᠠ 

 

ᠭᠠᠳᠠᠭᠠᠳᠤ ᠬᠠᠷᠢᠯᠴᠠᠭᠠᠨ ᠤ ᠳᠡᠳ᠋ ᠰᠠᠶᠢᠳ ᠪ ∙ᠮᠥᠩᠬᠡᠵᠢᠨ ᠶᠡᠬᠡ ᠪᠷᠢᠲ᠋ᠠᠨ ᠤ ᠤᠮᠠᠷᠠᠳᠤ ᠠᠢᠷᠯᠠᠨᠳ᠋᠍ ᠤᠨ ᠨᠢᠭᠡᠳᠦᠭᠰᠡᠨ ᠬᠠᠭᠠᠨᠲᠤ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠡᠯᠴᠢᠨ ᠰᠠᠶᠢᠳ ᠹᠢᠯᠢᠫ ᠮᠠᠯᠦᠨ ᠨᠠᠷ 2021 ᠣᠨ ᠤ 2 ᠳ᠋ᠤᠭᠠᠷ ᠰᠠᠷ᠎ᠠ ᠶᠢᠨ 5 ᠍ ᠤ ᠡᠳᠦᠷ ᠮᠣᠩᠭᠣᠯ ᠤᠯᠤᠰ ᠢ ᠶᠡᠬᠡ ᠪᠷᠢᠲ᠋ᠠᠨ ᠤ ᠬᠤᠳᠠᠯᠳᠤᠭᠠᠨ ᠤ ᠬᠥᠩᠭᠡᠯᠡᠯᠲᠡ ᠶᠢᠨ ᠶᠡᠷᠦᠩᠬᠡᠢ ᠰᠢᠰᠲ᠋ᠧᠮ ᠪᠣᠯᠬᠤ︽ᠰᠠᠶᠢᠵᠢᠷᠠᠭᠤᠯᠤᠭᠰᠠᠨ ᠨᠥᠬᠥᠴᠡᠯ︾ ᠳᠦ ᠬᠠᠮᠤᠷᠤᠭᠤᠯᠬᠤ ᠲᠤᠬᠠᠢ ᠨᠣᠲ᠋ᠠ ᠪᠢᠴᠢᠭ ᠰᠤᠯᠢᠯᠴᠠᠪᠠ᠃
ᠶᠡᠬᠡ ᠪᠷᠢᠲ᠋ᠠᠨ ᠤ ᠭᠠᠶᠢᠯᠢ ᠶᠢᠨ ᠲᠠᠷᠢᠪ ᠤᠨ ᠬᠥᠩᠭᠡᠯᠡᠯᠲᠡ ᠶᠢᠨ︽ᠰᠠᠶᠢᠵᠢᠷᠠᠭᠤᠯᠤᠭᠰᠠᠨ ᠨᠥᠬᠥᠴᠡᠯ︾ ᠦᠨ ᠳᠠᠭᠠᠤ ᠡᠳ᠋ᠯᠡᠬᠦ ᠲᠠᠷᠢᠪ ᠤᠨ ᠬᠥᠩᠭᠡᠯᠡᠯᠲᠡ ᠪᠣᠯᠤᠨ ᠬᠥᠩᠭᠡᠯᠡᠯᠲᠡ ᠡᠳ᠋ᠯᠡᠬᠦ ᠰᠢᠯᠭᠠᠭᠤᠷ ᠦᠵᠡᠭᠦᠯᠦᠯᠲᠡ ᠵᠡᠷᠭᠡ ᠨᠢ ᠧᠦ᠋ᠷᠣᠫᠠ ᠶᠢᠨ ᠬᠣᠯᠪᠣᠭᠠᠨ ᠤ ᠬᠥᠩᠭᠡᠯᠡᠯᠲᠡ ᠶᠢᠨ ᠶᠡᠷᠦᠩᠬᠡᠢ ᠰᠢᠰᠲ᠋ᠧᠮ︵GSP+︶ ᠲᠡᠢ ᠢᠵᠢᠯ ᠨᠥᠬᠥᠴᠡᠯ ᠲᠡᠢ᠃ ᠮᠣᠩᠭᠣᠯ ᠤᠯᠤᠰ ᠲᠠᠷᠢᠪ ᠤᠨ ᠬᠥᠩᠭᠡᠯᠡᠯᠲᠡ ᠡᠳ᠋ᠯᠡᠭᠰᠡᠨ ᠢᠶᠡᠷ ᠬᠣᠶᠠᠷ ᠲᠠᠯ᠎ᠠ ᠶᠢᠨ ᠬᠤᠳᠠᠯᠳᠤᠭᠠᠨ ᠤ ᠡᠷᠭᠢᠯᠲᠡ  ᠨᠡᠮᠡᠭᠳᠡᠵᠦ᠂ ᠮᠣᠩᠭᠣᠯ ᠤᠯᠤᠰ ᠤᠨ ᠠᠭᠤᠯᠠ ᠠᠭᠤᠷᠬᠠᠢ ᠶᠢᠨ ᠰᠠᠯᠪᠤᠷᠢ ᠠᠴᠠ ᠬᠡᠲᠦ ᠬᠠᠮᠢᠶᠠᠷᠤᠯ ᠲᠠᠢ ᠪᠠᠶᠢᠳᠠᠯ ᠢ ᠪᠠᠭᠤᠷᠠᠭᠤᠯᠬᠤ᠂ ᠡᠺᠰᠫᠣᠷᠲ ᠢ ᠲᠥᠷᠦᠯᠵᠢᠭᠦᠯᠬᠦ᠂ ᠨᠡᠮᠡᠭᠦᠦ ᠥᠷᠲᠡᠭ ᠰᠢᠩᠭᠡᠭᠰᠡᠨ ᠪᠠᠷᠠᠭ᠎ᠠ ᠪᠦᠲᠦᠭᠡᠭᠳᠡᠬᠦᠨ ᠦ ᠦᠢᠯᠡᠳᠪᠦᠷᠢᠯᠡᠯ ᠢ ᠳᠡᠮᠵᠢᠬᠦ ᠶᠢᠨ ᠬᠠᠮᠲᠤ ᠪᠦᠲᠦᠭᠡᠭᠳᠡᠬᠦᠨ ᠦ ᠥᠷᠢᠰᠥᠯᠳᠥᠬᠦ ᠴᠢᠳᠠᠪᠤᠷᠢ ᠶᠢ ᠳᠡᠭᠡᠭᠰᠢᠯᠡᠭᠦᠯᠬᠦ ᠳᠦ ᠣᠨᠴᠠᠭᠠᠢ ᠠᠴᠢ ᠬᠣᠯᠪᠣᠭᠳᠠᠯ ᠲᠠᠢ ᠶᠤᠮ

ᠰᠡᠳᠬᠢᠭᠳᠡᠯ ᠦᠯᠡᠳᠡᠭᠡᠬᠦ