ᠯ ∙ ᠡᠩᠬᠡ-ᠠᠮᠤᠭᠤᠯᠠᠩ ᠡᠷᠳᠡᠮ ᠰᠢᠨᠵᠢᠯᠡᠭᠡᠨ ᠤ ᠪᠦᠬᠦ ᠬᠦᠷᠢᠶᠡᠯᠡᠩ ᠳᠦ ᠤᠴᠢᠨ᠎ᠠ  | News.MN

ᠯ ∙ ᠡᠩᠬᠡ-ᠠᠮᠤᠭᠤᠯᠠᠩ ᠡᠷᠳᠡᠮ ᠰᠢᠨᠵᠢᠯᠡᠭᠡᠨ ᠤ ᠪᠦᠬᠦ ᠬᠦᠷᠢᠶᠡᠯᠡᠩ ᠳᠦ ᠤᠴᠢᠨ᠎ᠠ 

 

ᠤᠯᠤᠰ ᠤᠨ ᠶᠡᠬᠡ ᠬᠤᠷᠠᠯ ᠤᠨ ᠭᠡᠰᠢᠭᠦᠨ᠂ ᠪᠣᠯᠪᠠᠰᠤᠷᠠᠯ᠂ ᠰᠢᠨᠵᠢᠯᠡᠬᠦ ᠤᠬᠠᠭᠠᠨ ᠤ ᠶᠠᠮᠤᠨ ᠤ ᠰᠠᠶᠢᠳ ᠯ ∙ ᠡᠩᠬᠡ-ᠠᠮᠤᠭᠤᠯᠠᠩ 02.05 ᠳᠤ ᠰᠢᠨᠵᠢᠯᠡᠬᠦ ᠤᠬᠠᠭᠠᠨ ᠲᠧᠭᠨᠣᠯᠣᠭᠢ ᠶᠢᠨ ᠰᠠᠯᠪᠤᠷᠢ ᠶᠢᠨ ᠠᠯᠪᠠᠨ ᠬᠠᠭᠠᠭᠴᠢᠳ ᠲᠠᠢ ᠠᠭᠤᠯᠵᠠᠯ᠎ᠠ᠃ ᠲᠡᠷᠡ᠄ ᠮᠠᠨ ᠤ ᠤᠯᠤᠰ ᠤᠨ ᠡᠳ᠋ ᠍ ᠦᠨ ᠵᠠᠰᠠᠭ ᠰᠢᠨᠵᠢᠯᠡᠬᠦ ᠤᠬᠠᠭᠠᠨᠵᠢᠭ᠎ᠠ ᠦᠭᠡᠢ᠂ ᠰᠢᠨᠵᠢᠯᠡᠬᠦ ᠤᠬᠠᠭᠠᠨ ᠤ ᠰᠠᠯᠪᠤᠷᠢ ᠨᠢ ᠡᠳ᠋ ᠍ ᠦᠨ ᠵᠠᠰᠠᠭᠵᠢᠭ᠎ᠠ ᠦᠭᠡᠢ ᠶᠤᠮ ᠪᠠᠶᠢᠨ᠎ᠠ᠃ ᠰᠤᠳᠤᠯᠭ᠎ᠠ ᠠᠮᠢᠳᠤᠷᠠᠯ ᠳᠤ ᠬᠡᠷᠡᠭᠵᠢᠵᠦ᠂ ᠡᠳ᠋ ᠍ ᠦᠨ ᠵᠠᠰᠠᠭ ᠲᠤ ᠦᠷ᠎ᠡ ᠦᠭᠭᠦᠭᠡᠵᠢ ᠲᠡᠢ ᠪᠠᠶᠢᠬᠤ ᠬᠡᠷᠡᠭᠲᠡᠢ᠃ ᠴᠢᠨᠠᠭᠰᠢᠳᠠ ᠮᠥᠩᠭᠥ ᠳᠤᠲᠠᠭᠰᠠᠨ ᠭᠡᠬᠦ ᠡᠴᠡ ᠪᠡᠨ ᠢᠯᠡᠭᠦᠦ ᠪᠠᠶᠢᠭ᠎ᠠ ᠮᠥᠩᠭᠥ ᠪᠡᠨ ᠣᠨᠣᠪᠴᠢᠲᠠᠢ᠂ ᠦᠷ᠎ᠡ ᠳ᠋ᠦᠩ ᠲᠡᠢ ᠵᠣᠬᠢᠶᠠᠨ ᠪᠠᠶᠢᠭᠤᠯᠬᠤ ᠳᠤ ᠠᠩᠬᠠᠷᠤᠨ᠎ᠠ᠃ ᠰᠢᠨᠵᠢᠯᠡᠬᠦ ᠤᠬᠠᠭᠠᠨ᠂ ᠲᠧᠭᠨᠣᠯᠣᠭᠢ ᠶᠢᠨ ᠰᠠᠩ ᠳᠤ ᠬᠠᠳᠠᠭᠠᠯᠠᠭᠳᠠᠵᠤ ᠪᠤᠢ ᠤᠯᠤᠰ ᠤᠨ ᠲᠥᠰᠥᠪ ᠦᠨ  ᠰᠠᠩᠬᠦᠦᠵᠢᠯᠲᠡ ᠪᠡᠷ ᠬᠢᠭᠳᠡᠭᠰᠡᠨ ᠰᠤᠳᠤᠯᠭ᠎ᠠ᠂ ᠲᠦᠰᠦᠯᠲᠦ ᠠᠵᠢᠯ ᠤᠨ ᠦᠷ᠎ᠡ ᠳ᠋ᠦᠩ᠂ ᠲᠠᠢᠯᠤᠨ ᠢ ᠣᠯᠠᠨ ᠨᠡᠶᠢᠲᠡ ᠳᠦ ᠢᠯᠡ ᠲᠣᠳᠣ᠂ ᠨᠡᠭᠡᠭᠡᠯᠲᠡ ᠲᠡᠢ ᠪᠣᠯᠭᠠᠶ᠎ᠠ᠃ ᠡᠷᠳᠡᠮ ᠰᠢᠨᠵᠢᠯᠡᠭᠡᠨ ᠦ ᠠᠵᠢᠯᠲᠠᠨ ᠤ ᠳᠤᠮᠳᠠᠴᠢ ᠴᠠᠯᠢᠩ 800-960 ᠮᠢᠩᠭᠠᠨ ᠲᠥᠭᠥᠷᠢᠭ ᠪᠠᠶᠢᠨ᠎ᠠ᠃ ᠡᠶᠢᠮᠦ ᠪᠠᠭ᠎ᠠ ᠴᠠᠯᠢᠩ ᠦᠨᠡᠯᠡᠮᠵᠢ ᠲᠡᠢ ᠪᠠᠶᠢᠵᠤ ᠰᠢᠨᠵᠢᠯᠡᠬᠦ ᠤᠬᠠᠭᠠᠨ ᠢ ᠬᠥᠭᠵᠢᠭᠦᠯᠦᠨ᠎ᠡ ᠭᠡᠵᠦ ᠶᠠᠷᠢᠬᠤ ᠦᠭᠡᠢ᠃ ᠲᠡᠶᠢᠮᠦ ᠡᠴᠡ ᠡᠷᠳᠡᠮ ᠰᠢᠨᠵᠢᠯᠡᠭᠡᠨ ᠦ ᠠᠵᠢᠯᠲᠠᠨ ᠤ ᠦᠨᠡᠯᠡᠮᠵᠢ ᠶᠢ ᠳᠡᠭᠡᠭᠰᠢᠯᠡᠭᠦᠯᠬᠦ ᠴᠢᠭᠯᠡᠯ ᠳᠦ ᠠᠬᠢᠴᠠ ᠭᠠᠷᠭᠠᠨ᠎ᠠ᠃

ᠰᠢᠨᠵᠢᠯᠡᠬᠦ ᠤᠬᠠᠭᠠᠨ᠂ ᠲᠧᠭᠨᠣᠯᠣᠭᠢ ᠶᠢᠨ ᠰᠠᠯᠪᠤᠷᠢ ᠶᠢᠨ ᠰᠠᠩᠬᠦᠦᠵᠢᠯᠲᠡ ᠶᠢᠨ ᠲᠣᠭᠲᠠᠯᠴᠠᠭ᠎ᠠ ᠶᠢ ᠥᠭᠡᠷ᠎ᠡ ᠲᠦᠪᠰᠢᠨ ᠳᠦ ᠭᠠᠷᠭᠠᠨ᠎ᠠ᠃ ᠰᠠᠯᠪᠤᠷᠢ ᠶᠢᠨ ᠰᠠᠶᠢᠳ ᠤᠨ ᠬᠤᠪᠢ ᠳᠤ ᠡᠷᠳᠡᠮ ᠰᠢᠨᠵᠢᠯᠡᠭᠡ᠂ ᠰᠤᠳᠤᠯᠭᠠᠨ ᠤ ᠪᠦᠬᠦ ᠬᠦᠷᠢᠶᠡᠯᠡᠩ ᠢᠶᠡᠷ ᠣᠴᠢᠵᠤ᠂ ᠡᠷᠳᠡᠮᠲᠡᠨ᠂ ᠰᠤᠳᠤᠯᠤᠭᠠᠴᠢᠳ ᠤᠨ ᠢᠶᠠᠨ ᠠᠵᠢᠯ ᠤᠨ ᠨᠥᠬᠥᠴᠡᠯ ᠪᠠᠶᠢᠳᠠᠯ ᠲᠠᠢ ᠭᠠᠵᠠᠷ ᠳᠡᠭᠡᠷ᠎ᠡ ᠨᠢ ᠲᠠᠨᠢᠯᠴᠠᠨ᠎ᠠ ᠭᠡᠯ᠎ᠡ᠃

ᠰᠡᠳᠬᠢᠭᠳᠡᠯ ᠦᠯᠡᠳᠡᠭᠡᠬᠦ