ᠪᠠᠩᠬᠢ ᠰᠠᠩᠬᠦᠦ ᠶᠢᠨ ᠰᠠᠯᠪᠤᠷᠢ ᠳᠤ ᠮᠠᠰᠢ ᠲᠣᠮᠣ ᠰᠢᠨᠡᠴᠢᠯᠡᠯ ᠡᠬᠢᠯᠡᠵᠦ ᠪᠠᠶᠢᠨ᠎ᠠ  | News.MN

ᠪᠠᠩᠬᠢ ᠰᠠᠩᠬᠦᠦ ᠶᠢᠨ ᠰᠠᠯᠪᠤᠷᠢ ᠳᠤ ᠮᠠᠰᠢ ᠲᠣᠮᠣ ᠰᠢᠨᠡᠴᠢᠯᠡᠯ ᠡᠬᠢᠯᠡᠵᠦ ᠪᠠᠶᠢᠨ᠎ᠠ 

ᠤᠯᠤᠰ ᠤᠨ ᠶᠡᠬᠡ ᠬᠤᠷᠠᠯ ᠤᠨ ᠡᠳ᠋ ᠍ ᠦᠨ ᠵᠠᠰᠠᠭ ᠤᠨ ᠪᠠᠶᠢᠩᠭᠤ ᠶᠢᠨ ᠬᠣᠷᠢᠶ᠎ᠠ ᠤᠯᠤᠰ ᠤᠨ ᠶᠡᠬᠡ ᠬᠤᠷᠠᠯ ᠤᠨ ᠨᠠᠮᠤᠷ ᠤᠨ ᠡᠭᠡᠯᠵᠢᠲᠦ ᠴᠢᠭᠤᠯᠭᠠᠨ ᠤ ᠬᠤᠭᠤᠴᠠᠭᠠᠨ ᠳᠤ ᠴᠠᠷ᠎ᠠ ᠲᠠᠬᠤᠯ ᠠᠴᠠ ᠤᠷᠢᠳᠴᠢᠯᠠᠨ ᠰᠡᠷᠭᠡᠶᠢᠯᠡᠬᠦ᠂ ᠲᠡᠮᠡᠴᠡᠬᠦ᠂ ᠨᠡᠶᠢᠭᠡᠮ᠂ ᠡᠳ᠋ ᠍ ᠦᠨ ᠵᠠᠰᠠᠭ ᠲᠤ ᠦᠵᠡᠭᠦᠯᠬᠦ ᠰᠥᠷᠭᠦ ᠨᠥᠯᠥᠭᠡᠯᠡᠯ ᠢ ᠪᠠᠭᠤᠷᠠᠭᠤᠯᠬᠤ ᠲᠤᠬᠠᠢ ᠬᠠᠤᠯᠢ ᠳᠤ ᠨᠡᠮᠡᠯᠲᠡ ᠥᠭᠡᠷᠡᠴᠢᠯᠡᠯᠲᠡ ᠣᠷᠣᠭᠤᠯᠬᠤ ᠲᠤᠬᠠᠢ ᠨᠡᠶᠢᠲᠡ 3 ᠬᠠᠤᠯᠢ ᠶᠢᠨ ᠲᠥᠰᠦᠯ ᠢ ᠬᠡᠯᠡᠯᠴᠡᠭᠦᠯᠭᠡ ᠳᠦ ᠪᠡᠯᠡᠳᠬᠡᠭᠰᠡᠨ ᠪᠠᠶᠢᠨ᠎ᠠ᠃ ᠡᠨᠡ ᠲᠠᠯ᠎ᠠ ᠪᠠᠷ ᠲᠤᠰ ᠪᠠᠶᠢᠩᠭᠤ ᠶᠢᠨ ᠬᠣᠷᠢᠶᠠᠨ ᠤ ᠳᠠᠷᠤᠭ᠎ᠠ ᠵ ∙ ᠭᠠᠩᠪᠠᠭᠠᠲᠤᠷ ᠠᠵᠢᠯ ᠤᠨ  ᠲᠠᠢᠯᠤᠨ ᠢᠶᠠᠨ ᠲᠠᠨᠢᠯᠴᠠᠭᠤᠯᠬᠤ ᠦᠶ᠎ᠡ ᠪᠡᠷ ᠮᠡᠳᠡᠭᠡᠯᠡᠪᠡ᠃

ᠲᠡᠷᠡ᠄︽ᠪᠠᠩᠬᠢᠨ ᠤ ᠲᠤᠬᠠᠢ︾ᠬᠠᠤᠯᠢ ᠳᠤ ᠨᠡᠮᠡᠯᠲᠡ ᠥᠭᠡᠷᠡᠴᠢᠯᠡᠯᠲᠡ ᠤᠷᠤᠭᠤᠯᠬᠤ ᠲᠤᠬᠠᠢ ᠬᠠᠤᠯᠢ ᠶᠢ ᠪᠠᠲᠤᠯᠠᠭᠰᠠᠨ ᠢᠶᠠᠷ ᠪᠠᠩᠬᠢ ᠰᠠᠩᠬᠦᠦ ᠶᠢᠨ ᠰᠠᠯᠪᠤᠷᠢ ᠳᠤ ᠮᠠᠰᠢ ᠲᠣᠮᠣ ᠰᠢᠨᠡᠴᠢᠯᠡᠯ ᠡᠬᠢᠯᠡᠵᠦ ᠪᠤᠢ᠃ ᠡᠨᠡ ᠬᠠᠤᠯᠢ ᠳᠤ ᠵᠢᠭᠠᠭᠰᠠᠨ ᠢᠶᠠᠷ ᠢᠷᠡᠬᠦ ᠣᠨ ᠤ 6 ᠳ᠋ᠤᠭᠠᠷ ᠰᠠᠷ᠎ᠠ ᠶᠢᠨ 30 ᠍ ᠤ ᠳᠣᠲᠣᠷ᠎ᠠ ᠪᠠᠩᠬᠢᠨ ᠤ ᠰᠢᠰᠲ᠋ᠧᠮ ᠳᠦ ᠨᠥᠯᠦᠭᠡ ᠪᠦᠬᠦᠢ ᠪᠠᠩᠬᠢ ᠨᠢ ᠨᠡᠭᠡᠭᠡᠯᠲᠡᠲᠡᠢ ᠬᠤᠪᠢᠴᠠᠭᠠᠲᠤ ᠺᠣᠮᠫᠠᠨᠢ᠂ ᠪᠤᠰᠤᠳ ᠪᠠᠩᠬᠢ ᠨᠢ ᠬᠤᠪᠢᠴᠠᠭᠠᠲᠤ ᠺᠣᠮᠫᠠᠨᠢ ᠬᠡᠯᠪᠡᠷᠢ ᠲᠠᠢ ᠪᠠᠶᠢᠬᠤ ᠪᠠᠷ ᠵᠣᠬᠢᠴᠠᠭᠤᠯᠤᠯᠲᠠ ᠲᠤᠰᠬᠠᠭᠰᠠᠨ᠃ ᠢᠩᠭᠢᠬᠦ ᠳᠦ ᠪᠡᠨ ᠵᠢᠵᠢᠭ ᠬᠤᠪᠢᠴᠠᠭ᠎ᠠ ᠡᠵᠡᠮᠰᠢᠭᠴᠢᠳ᠂ ᠬᠥᠷᠦᠩᠭᠡ ᠣᠷᠣᠭᠤᠯᠤᠭᠴᠢᠳ ᠤᠨ ᠡᠷᠬᠡ ᠶᠢ ᠬᠠᠮᠠᠭᠠᠯᠠᠬᠤ ᠡᠭᠦᠳᠡᠨ ᠡᠴᠡ ᠪᠠᠩᠬᠢᠨ ᠤ ᠬᠤᠪᠢᠴᠠᠭ᠎ᠠ ᠡᠵᠡᠮᠰᠢᠬᠦ ᠠᠯᠢᠪᠠ ᠡᠲᠡᠭᠡᠳ᠂ ᠲᠡᠭᠦᠨ ᠦ ᠬᠣᠯᠪᠣᠭᠳᠠᠬᠤ ᠡᠲᠡᠭᠡᠳ ᠦᠨ ᠬᠤᠪᠢ ᠳᠤ ᠪᠠᠩᠬᠢᠨ ᠤ ᠨᠡᠢᠲᠡ ᠰᠠᠨᠠᠯ ᠤᠨ ᠡᠷᠬᠡ ᠲᠠᠢ ᠬᠤᠪᠢᠴᠠᠭᠠᠨ ᠤ ᠬᠤᠪᠢ ᠬᠡᠮᠵᠢᠶ᠎ᠡ 20 ᠬᠤᠪᠢ ᠠᠴᠠ  ᠬᠡᠲᠦᠷᠡᠬᠦ ᠦᠭᠡᠢ ᠪᠠᠢᠬᠤ ᠪᠠᠷ ᠲᠤᠰᠬᠠᠯ᠎ᠠ᠃ ᠢᠩᠭᠢᠭᠰᠡᠨ ᠢᠶᠡᠷ ᠪᠠᠩᠬᠢᠨ ᠤ ᠬᠤᠪᠢᠴᠠᠭ᠎ᠠ ᠡᠵᠡᠮᠰᠢᠯ ᠦᠨ ᠬᠡᠲᠦ ᠲᠥᠪᠯᠡᠷᠡᠯ ᠢ ᠪᠠᠭᠤᠷᠠᠭᠤᠯᠵᠤ᠂ ᠥᠮᠴᠢᠯᠡᠯ- ᠤᠳᠤᠷᠢᠳᠤᠯᠭ᠎ᠠ- ᠬᠢᠨᠠᠯᠲᠠ ᠶᠢᠨ ᠲᠡᠩᠴᠡᠪᠦᠷᠢᠲᠦ ᠪᠠᠶᠢᠳᠠᠯ ᠢ ᠪᠦᠷᠢᠳᠦᠭᠦᠯᠬᠦ ᠶᠤᠮ᠃ ᠢᠩᠭᠢᠵᠦ ᠤᠳᠤᠷᠢᠳᠤᠯᠭ᠎ᠠ ᠶᠢᠨ ᠬᠡᠲᠦ ᠲᠥᠪᠯᠡᠷᠡᠯ ᠢ ᠪᠠᠭᠤᠷᠠᠭᠤᠯᠤᠭᠰᠠᠨ ᠢᠶᠠᠷ ᠡᠷᠡᠰᠳᠡᠯ ᠪᠠᠭᠤᠷᠠᠨ᠎ᠠ᠂  ᠡᠷᠡᠰᠳᠡᠯ ᠪᠠᠭᠤᠷᠠᠭᠰᠠᠨ ᠢᠶᠠᠷ ᠵᠢᠭᠡᠯᠡ ᠶᠢᠨ ᠬᠦᠦ ᠪᠠᠭᠤᠷᠠᠵᠤ᠂ ᠬᠠᠳᠠᠭᠠᠯᠠᠮᠵᠢ ᠪᠠᠲᠤᠯᠠᠭᠠᠵᠢᠵᠤ᠂ ᠪᠠᠩᠬᠢᠨ ᠤ ᠦᠢᠯᠡ ᠠᠵᠢᠯᠯᠠᠭ᠎ᠠ ᠲᠤᠩᠭᠠᠯᠠᠭ ᠪᠣᠯᠤᠨ᠎ᠠ ᠭᠡᠯ᠎ᠡ᠃
ᠪᠠᠶᠢᠩᠭᠤ ᠶᠢᠨ ᠬᠣᠷᠢᠶᠠᠨ ᠤ ᠠᠩᠬᠠᠨ ᠤ ᠬᠡᠯᠡᠯᠴᠡᠭᠦᠯᠭᠡ ᠶᠢᠨ ᠱᠠᠲᠤᠨ ᠳᠤ ᠬᠦᠯᠢᠶᠡᠭᠳᠡᠵᠦ ᠪᠠᠶᠢᠭ᠎ᠠ ᠨᠡᠶᠢᠲᠡ 15 ᠬᠠᠤᠯᠢ᠂ ᠲᠣᠭᠲᠠᠭᠠᠯ ᠤᠨ ᠲᠥᠰᠥᠯ ᠪᠠᠶᠢᠭ᠎ᠠ ᠪᠥᠭᠡᠳ ᠡᠳᠡᠭᠡᠷ ᠬᠠᠤᠯᠢ᠂ ᠲᠣᠭᠲᠠᠭᠠᠯ ᠤᠨ ᠲᠥᠰᠥᠯ ᠢ ᠴᠢᠭᠤᠯᠭᠠᠨ᠂ ᠪᠠᠶᠢᠩᠭᠤ ᠶᠢᠨ ᠬᠣᠷᠢᠶᠠᠨ ᠤ ᠬᠤᠷᠠᠯᠳᠤᠭᠠᠨ ᠢᠶᠠᠷ ᠬᠡᠯᠡᠯᠴᠡᠭᠦᠯᠬᠦ ᠪᠡᠯᠡᠳᠬᠡᠯ ᠬᠠᠩᠭᠠᠬᠤ 15 ᠠᠵᠢᠯ ᠤᠨ ᠪᠠᠭ ᠢ ᠰᠢᠨ᠎ᠡ ᠪᠡᠷ ᠪᠣᠯᠤᠨ ᠰᠢᠨᠡᠴᠢᠯᠡᠨ ᠪᠠᠶᠢᠭᠤᠯᠵᠠᠢ᠃

ᠰᠡᠳᠬᠢᠭᠳᠡᠯ ᠦᠯᠡᠳᠡᠭᠡᠬᠦ