ᠪᠠᠭᠠᠨᠠᠭᠤᠷ  ᠴᠠᠬᠢᠯᠭᠠᠨ ᠰᠲ᠋ᠠᠨᠼ ᠤᠨ ᠲᠥᠰᠥᠯ ᠢ ᠡᠷᠴᠢᠮᠵᠢᠭᠦᠯᠦᠨ᠎ᠡ  | News.MN

ᠪᠠᠭᠠᠨᠠᠭᠤᠷ  ᠴᠠᠬᠢᠯᠭᠠᠨ ᠰᠲ᠋ᠠᠨᠼ ᠤᠨ ᠲᠥᠰᠥᠯ ᠢ ᠡᠷᠴᠢᠮᠵᠢᠭᠦᠯᠦᠨ᠎ᠡ 

 

ᠰᠢᠳᠠᠷ ᠰᠠᠶᠢᠳ ᠰ∙ᠠᠮᠤᠷᠰᠠᠶᠢᠬᠠᠨ︽ᠪᠠᠭᠠᠨᠠᠭᠤᠷ ᠤᠨ ᠴᠠᠬᠢᠯᠭᠠᠨ ᠰᠲ᠋ᠠᠨᠼ ᠲᠥᠰᠥᠯ︾᠍ ᠦᠨ  ᠺᠤᠨᠼᠸᠰᠰ ᠤᠨ ᠭᠡᠷ᠎ᠡ ᠲᠡᠢ ᠬᠣᠯᠪᠣᠭᠠᠲᠠᠢ ᠠᠰᠠᠭᠤᠳᠠᠯ ᠢᠶᠠᠷ ᠡᠷᠴᠢᠮ ᠬᠦᠴᠦᠨ ᠦ ᠰᠠᠶᠢᠳ ᠨ∙ᠲᠠᠪᠢᠨᠪᠡᠬᠢ᠂ ᠤᠯᠤᠰ ᠤᠨ ᠶᠡᠬᠡ ᠬᠤᠷᠠᠯ ᠤᠨ ᠭᠡᠰᠢᠭᠦᠨ ᠼ∙ᠰᠠᠨᠳᠠᠭᠸᠴᠢᠷ ᠨᠠᠷ ᠪᠣᠯᠤᠨ ᠪᠤᠰᠤᠳ ᠬᠤᠯᠪᠤᠭᠳᠠᠬᠤ ᠠᠯᠪᠠᠨ ᠤ ᠬᠢᠨ ᠲᠠᠢ ᠠᠭᠤᠯᠵᠠᠯ᠎ᠠ᠃ ᠮᠣᠩᠭᠣᠯ ᠤᠯᠤᠰ ᠤᠨ ᠡᠷᠴᠢᠮ ᠬᠦᠴᠦᠨ ᠦ ᠨᠢᠭᠡᠳᠦᠭᠰᠡᠨ ᠰᠢᠰᠲ᠋ᠧᠮ ᠦᠨ ᠴᠠᠬᠢᠯᠭᠠᠨ ᠬᠡᠷᠡᠭᠯᠡᠭᠡᠨ ᠦ ᠰᠢᠨᠵᠢᠯᠡᠭᠡ ᠪᠡᠷ ᠪᠠᠭᠠᠨᠠᠭᠤᠷ- ᠴᠤᠢᠷ ᠤᠨ ᠪᠦᠰᠡ ᠪᠤᠶᠤ ᠳᠣᠷᠣᠨᠠᠭᠣᠪᠢ᠂ ᠳᠤᠮᠳᠠᠭᠤᠪᠢ᠂ ᠬᠡᠨᠲᠡᠢ ᠠᠶᠢᠮᠠᠭ ᠤᠳ ᠤᠨ ᠴᠠᠬᠢᠯᠭᠠᠨ ᠠᠴᠢᠶᠠᠯᠠᠯ ᠤᠨ ᠬᠡᠲᠦ ᠶᠢᠨ ᠲᠥᠯᠥᠪ ᠢ ᠬᠠᠩᠭᠠᠬᠤ ᠡᠬᠢ ᠡᠭᠦᠰᠪᠦᠷᠢ ᠱᠠᠭᠠᠷᠳᠠᠯᠭ᠎ᠠ ᠲᠠᠢ ᠪᠠᠶᠢᠭ᠎ᠠ ᠪᠥᠭᠡᠳ ᠡᠬᠢ ᠡᠭᠦᠰᠪᠦᠷᠢ ᠨᠦᠭᠦᠳ ᠨᠢᠭᠡᠨ ᠢᠶᠡᠨ ᠳᠡᠮᠵᠢᠵᠦ ᠠᠵᠢᠯᠯᠠᠬᠤ᠂ ᠡᠷᠴᠢᠮ ᠬᠦᠴᠦᠨ ᠦ ᠠᠶᠤᠯ ᠦᠭᠡᠢ᠂ ᠨᠠᠶᠢᠳᠠᠪᠤᠷᠢᠲᠠᠢ ᠠᠵᠢᠯᠯᠠᠭᠠᠨ ᠤ ᠲᠥᠯᠥᠪᠯᠡᠯᠲᠡ ᠶᠢ ᠴᠠᠭ ᠠᠯᠳᠠᠯ ᠦᠭᠡᠢ ᠬᠢᠬᠦ ᠬᠡᠷᠡᠭᠲᠡᠢ ᠪᠠᠶᠢᠭ᠎ᠠ ᠶᠤᠮ᠃

2017 ᠣᠨ ᠠᠴᠠ ᠬᠣᠶᠢᠰᠢ ᠲᠣᠳᠣᠷᠬᠠᠢ ᠰᠢᠯᠲᠠᠭᠠᠨ ᠤ ᠤᠯᠠᠮ ᠠᠴᠠ ᠵᠣᠭᠰᠣᠩᠭᠢ ᠪᠠᠶᠢᠳᠠᠯ ᠲᠠᠢ ᠶᠠᠪᠤᠵᠤ ᠢᠷᠡᠭᠰᠡᠨ ᠡᠨᠡ ᠴᠠᠬᠢᠯᠭᠠᠨ ᠰᠲ᠋ᠠᠨᠼ ᠤᠨ ᠪᠠᠷᠢᠯᠭ᠎ᠠ ᠤᠭᠰᠠᠷᠠᠯᠲᠠ ᠶᠢᠨ ᠠᠵᠢᠯ 4 ᠵᠢᠯ᠂ ᠠᠰᠢᠭᠯᠠᠯᠲᠠ ᠶᠢᠨ ᠬᠤᠭᠤᠴᠠᠭ᠎ᠠ ᠨᠢ 21 ᠵᠢᠯ ᠪᠠᠶᠢᠬᠤ ᠪᠠᠷ ᠠᠩᠬ᠎ᠠ ᠭᠡᠷ᠎ᠡ ᠳᠦ ᠲᠤᠰᠬᠠᠵᠠᠢ᠃ ᠵᠢᠯ ᠦᠨ ᠬᠡᠷᠡᠭᠴᠡᠭᠡᠨ ᠳᠦ ᠬᠣᠶᠠᠷ ᠰᠠᠶ᠎ᠠ ᠲᠣᠨ ᠪᠠᠭᠠᠨᠠᠭᠤᠷ ᠤᠨ ᠠᠭᠤᠷᠬᠠᠢ ᠶᠢᠨ ᠨᠡᠭᠦᠷᠡᠰᠦ ᠶᠢ ᠬᠡᠷᠡᠭᠯᠡᠬᠦ ᠲᠣᠭᠠᠴᠠᠭ᠎ᠠ ᠭᠠᠷᠤᠭᠰᠠᠨ ᠪᠥᠭᠡᠳ ᠰᠡᠭᠦᠯ ᠦᠨ ᠦᠶ᠎ᠡ ᠶᠢᠨ ᠲᠧᠭᠨᠢᠭ ᠲᠧᠭᠨᠣᠯᠣᠭᠢ ᠳᠤ ᠰᠠᠭᠤᠷᠢᠯᠠᠭᠰᠠᠨ ᠴᠠᠬᠢᠯᠭᠠᠨ ᠰᠲ᠋ᠠᠨᠼ ᠪᠠᠷᠢᠬᠤ ᠪᠠᠷ ᠲᠥᠯᠥᠪᠯᠡᠭᠰᠡᠨ᠃ ᠪᠡᠯᠡᠳᠬᠡᠯ ᠠᠵᠢᠯ ᠪᠦᠷᠢᠨ ᠬᠠᠩᠭᠠᠭᠳᠠᠭᠰᠠᠨ᠂ ᠦᠨᠳᠦᠰᠦᠨ ᠲᠣᠨᠣᠭ ᠲᠥᠬᠥᠭᠡᠷᠦᠮᠵᠢ ᠶᠢ ᠣᠷᠣᠭᠤᠯᠵᠤ ᠢᠷᠡᠬᠦ  ᠭᠡᠷ᠎ᠡ ᠲᠥᠯᠥᠪᠯᠡᠭᠳᠡᠭᠰᠡᠨ᠂ ᠲᠥᠰᠥᠯ ᠢ ᠵᠠᠰᠠᠭ ᠤᠨ ᠭᠠᠵᠠᠷ ᠤᠨ ᠬᠤᠷᠠᠯᠳᠤᠭᠠᠨ ᠢᠶᠠᠷ ᠬᠡᠯᠡᠯᠴᠡᠵᠦ ᠰᠢᠢᠳᠪᠦᠷᠢᠯᠡᠬᠦ ᠱᠠᠭᠠᠷᠳᠠᠯᠭ᠎ᠠ ᠲᠠᠢ ᠪᠠᠶᠢᠭ᠎ᠠ ᠲᠠᠯ᠎ᠠ ᠪᠠᠷ ᠲᠥᠰᠥᠯ ᠢ ᠭᠦᠢᠴᠡᠳᠬᠡᠭᠴᠢ ᠲᠠᠯ᠎ᠠ ᠲᠠᠨᠢᠯᠴᠠᠭᠤᠯᠪᠠ᠃

ᠰᠡᠳᠬᠢᠭᠳᠡᠯ ᠦᠯᠡᠳᠡᠭᠡᠬᠦ