ᠠᠯᠪᠠᠨ ᠬᠠᠭᠠᠭᠴᠢᠳ ᠤᠨ 99.8 ᠬᠤᠪᠢ ᠨᠢ ᠬᠥᠷᠥᠩᠭᠡ ᠣᠷᠣᠯᠭ᠎ᠠ ᠪᠠᠨ ᠮᠡᠳᠡᠭᠦᠯᠵᠡᠢ  | News.MN

ᠠᠯᠪᠠᠨ ᠬᠠᠭᠠᠭᠴᠢᠳ ᠤᠨ 99.8 ᠬᠤᠪᠢ ᠨᠢ ᠬᠥᠷᠥᠩᠭᠡ ᠣᠷᠣᠯᠭ᠎ᠠ ᠪᠠᠨ ᠮᠡᠳᠡᠭᠦᠯᠵᠡᠢ 

 

ᠲᠥᠷᠥ ᠶᠢᠨ ᠠᠯᠪᠠᠨ ᠬᠠᠭᠠᠭᠴᠢ᠂ ᠠᠯᠪᠠᠨ ᠲᠤᠰᠢᠶᠠᠯᠲᠠᠳ ᠬᠠᠤᠯᠢ ᠶᠢᠨ ᠬᠦᠷᠢᠶᠡᠨ ᠳᠦ ᠵᠢᠯ ᠪᠦᠷᠢ ᠶᠢᠨ ᠬᠣᠶᠠᠳᠤᠭᠠᠷ ᠰᠠᠷ᠎ᠠ ᠶᠢᠨ 15 ᠍ ᠳᠦ ᠬᠥᠷᠥᠩᠭᠡ ᠣᠷᠣᠯᠭ᠎ᠠ ᠪᠠᠨ ᠠᠪᠯᠢᠭ᠎ᠠ ᠲᠠᠢ ᠲᠡᠮᠡᠴᠡᠬᠦ ᠭᠠᠵᠠᠷ  ᠲᠤ ᠮᠡᠳᠡᠭᠦᠯᠬᠦ ᠡᠭᠦᠷᠭᠡ ᠲᠡᠢ᠃ ᠡᠨᠡ ᠳᠠᠭᠠᠤ ᠤᠯᠤᠰ ᠤᠨ ᠬᠡᠮᠵᠢᠶᠡᠨ ᠳᠦ 43 ᠮᠢᠩᠭ᠎ᠠ ᠭᠠᠷᠤᠢ ᠨᠡᠶᠢᠲᠡ ᠶᠢᠨ ᠠᠯᠪᠠᠨ ᠲᠤᠰᠢᠶᠠᠯᠲᠠᠨ ᠬᠤᠪᠢ ᠶᠢᠨ ᠠᠰᠢᠭ ᠰᠣᠨᠢᠷᠬᠠᠯ ᠤᠨ ᠪᠣᠯᠤᠨ ᠬᠥᠷᠥᠩᠭᠡ ᠣᠷᠣᠯᠭ᠎ᠠ ᠪᠠᠨ ᠮᠡᠳᠡᠭᠦᠯᠬᠦ ᠡᠭᠦᠷᠭᠡ ᠲᠡᠢ᠃ 02 ᠰᠠᠷ᠎ᠠ ᠶᠢᠨ15 ᠦ ᠪᠠᠶᠢᠳᠠᠯ ᠢᠶᠠᠷ 99.8 ᠬᠤᠪᠢ ᠨᠢ ᠬᠠᠤᠯᠢ ᠳᠤ ᠵᠢᠭᠠᠭᠰᠠᠨ ᠡᠭᠦᠷᠭᠡ ᠪᠡᠨ ᠪᠡᠶᠡᠯᠡᠭᠦᠯᠵᠡᠢ᠃ ᠦᠯᠡᠳᠡᠭᠰᠡᠨ ᠠᠯᠪᠠᠨ ᠲᠤᠰᠢᠶᠠᠯᠲᠠᠳ ᠬᠤᠭᠤᠴᠠᠭᠠᠨ ᠳᠤ ᠪᠠᠨ ᠮᠡᠳᠡᠭᠦᠯᠭᠡ ᠪᠡᠨ ᠭᠠᠷᠭᠠᠭ᠎ᠠ ᠦᠭᠡᠢ ᠪᠣᠯ ᠬᠠᠤᠯᠢ ᠶᠢᠨ ᠬᠠᠷᠢᠭᠤᠴᠠᠯᠭ᠎ᠠ ᠬᠦᠯᠢᠶᠡᠬᠦ ᠶᠤᠮ᠃
ᠠᠪᠯᠢᠭ᠎ᠠ ᠲᠠᠢ ᠲᠡᠮᠡᠴᠡᠬᠦ ᠭᠠᠵᠠᠷ ᠍ ᠤᠨ ᠮᠡᠳᠡᠭᠡᠯᠡᠭᠰᠡᠨ ᠢᠶᠡᠷ᠂ ᠬᠡᠷᠪᠡ ᠮᠡᠳᠡᠭᠦᠯᠭᠡ ᠪᠡᠨ ᠬᠠᠤᠯᠢ ᠶᠢᠨ ᠬᠤᠭᠤᠴᠠᠭᠠᠨ ᠳᠤ ᠥᠭᠭᠦᠭᠡ ᠦᠭᠡᠢ ᠪᠣᠯ ᠰᠠᠨᠠᠭᠤᠯᠬᠤ ᠠᠴᠠ ᠡᠬᠢᠯᠡᠭᠡᠳ ᠠᠵᠢᠯ ᠠᠴᠠ ᠬᠠᠯᠠᠬᠤ ᠬᠦᠷᠲᠡᠯ᠎ᠡ ᠬᠠᠷᠢᠭᠤᠴᠠᠯᠭ᠎ᠠ ᠣᠨᠣᠭᠳᠠᠭᠤᠯᠬᠤ ᠠᠵᠠᠢ᠃

ᠰᠡᠳᠬᠢᠭᠳᠡᠯ ᠦᠯᠡᠳᠡᠭᠡᠬᠦ