ᠯ∙ᠣᠶᠤᠨ-ᠡᠷᠳᠡᠨᠢ ᠠᠩᠬᠠᠨ ᠤ ᠸᠠᠺᠼᠢᠨ  ᠢ ᠲᠠᠷᠢᠭᠤᠯᠤᠨ᠎ᠠ | News.MN

ᠯ∙ᠣᠶᠤᠨ-ᠡᠷᠳᠡᠨᠢ ᠠᠩᠬᠠᠨ ᠤ ᠸᠠᠺᠼᠢᠨ  ᠢ ᠲᠠᠷᠢᠭᠤᠯᠤᠨ᠎ᠠ

 

ᠮᠣᠩᠭᠣᠯ ᠤᠯᠤᠰ ᠤᠨ ᠶᠡᠷᠦᠩᠬᠡᠢ ᠰᠠᠶᠢᠳ ᠯ∙ᠣᠶᠤᠨ-ᠡᠷᠳᠡᠨᠢ ᠺᠤᠸᠢᠳ᠋ – 19  ᠶᠢᠨ ᠸᠠᠺᠼᠢᠨ ᠬᠦᠯᠢᠶᠡᠨ ᠠᠪᠬᠤ᠂ ᠬᠠᠳᠠᠭᠠᠯᠠᠬᠤ ᠪᠡᠯᠡᠨ ᠪᠠᠶᠢᠳᠠᠯ ᠢ ᠰᠢᠯᠭᠠᠯ᠎ᠠ᠃ ᠲᠡᠷᠡᠪᠡᠷ ᠄ ᠸᠠᠺᠼᠢᠨᠵᠢᠭᠤᠯᠤᠯᠲᠠ ᠶᠢ ᠪᠤᠰᠤᠳ ᠤᠯᠤᠰ ᠤᠳ ᠠᠴᠠ ᠲᠡᠷᠢᠭᠦᠨ ᠡᠩᠨᠡᠭᠡᠨ ᠳᠦ ᠬᠠᠮᠤᠷᠤᠭᠤᠯᠬᠤ ᠠᠵᠢᠯ ᠢ ᠬᠢᠬᠦ ᠡᠴᠡ ᠥᠭᠡᠷ᠎ᠡ ᠠᠷᠭ᠎ᠠ ᠦᠭᠡᠢ ᠶᠤᠮ ᠪᠠᠶᠢᠨ᠎ᠠ᠃ ᠸᠠᠺᠼᠢᠨᠵᠢᠭᠤᠯᠤᠯᠲᠠ ᠶᠢᠨ ᠡᠮᠦᠨᠡᠬᠢ ᠦᠨᠳᠦᠰᠦᠨ ᠦ ᠬᠡᠮᠵᠢᠶᠡᠨ ᠦ ᠠᠵᠢᠯ ᠨᠢ ᠨᠢᠭᠡ ᠡᠷᠦᠬᠡ᠂ ᠨᠢᠭᠡ ᠢᠷᠭᠡᠨ ᠰᠢᠨᠵᠢᠯᠡᠭᠡ ᠶᠤᠮ᠃
ᠥᠨᠥᠳᠥᠷ ᠡᠴᠡ ᠸᠠᠺᠼᠢᠨ ᠢ ᠲᠠᠲᠠᠵᠤ ᠠᠪᠬᠤ ᠠᠵᠢᠯ ᠡᠬᠢᠯᠡᠨ᠎ᠡ᠃ ᠮᠡᠷᠭᠡᠵᠢᠯ ᠦᠨ ᠬᠦᠮᠦᠰ ᠬᠠᠳᠠᠭᠠᠯᠠᠯᠲᠠ ᠶᠢᠨ ᠭᠣᠷᠢᠮ ᠪᠣᠯᠤᠨ ᠲᠡᠭᠡᠭᠡᠪᠦᠷᠢᠯᠡᠯᠲᠡ ᠶᠢᠨ ᠲᠠᠯ᠎ᠠ ᠪᠠᠷ ᠰᠤᠷᠭᠠᠯᠲᠠ ᠳᠤ ᠬᠠᠮᠤᠷᠤᠭᠳᠠᠭᠰᠠᠨ᠃
ᠸᠠᠺᠼᠢᠨ ᠢ ᠡᠬᠢᠨ ᠦ ᠡᠭᠡᠯᠵᠢ ᠳᠦ ᠵᠣᠷᠢᠯᠲᠠᠲᠤ ᠪᠦᠯᠦᠭ᠂ ᠴᠠᠭᠳᠠᠭ᠎ᠠ᠂ ᠡᠮᠴᠢ ᠨᠠᠷ ᠪᠣᠯᠤᠨ ᠡᠭᠦᠷᠭᠡ ᠭᠦᠢᠴᠡᠳᠭᠡᠵᠦ ᠪᠤᠢ ᠠᠯᠪᠠ ᠬᠠᠭᠠᠭᠴᠢᠳ ᠲᠤ ᠲᠠᠷᠢᠨ᠎ᠠ᠃ ᠶᠡᠷᠦᠩᠬᠡᠢ ᠰᠠᠶᠢᠳ ᠤᠨ ᠬᠤᠪᠢ ᠳᠤ ᠬᠠᠮᠤᠭ ᠤᠨ ᠠᠩᠬᠠᠨ ᠤ ᠲᠤᠩ ᠢ ᠬᠢᠯᠭᠡᠨ᠎ᠡ ᠭᠡᠯ᠎ᠡ᠃

ᠰᠡᠳᠬᠢᠭᠳᠡᠯ ᠦᠯᠡᠳᠡᠭᠡᠬᠦ