ᠪᠢᠽᠢᠨᠧᠰ ᠦᠨ ᠣᠷᠣᠯᠭ᠎ᠠ 86 ᠬᠤᠪᠢ ᠪᠠᠷ ᠪᠠᠭᠤᠷᠠᠵᠠᠢ | News.MN

ᠪᠢᠽᠢᠨᠧᠰ ᠦᠨ ᠣᠷᠣᠯᠭ᠎ᠠ 86 ᠬᠤᠪᠢ ᠪᠠᠷ ᠪᠠᠭᠤᠷᠠᠵᠠᠢ

 

ᠰᠲ᠋ᠠᠲ᠋ᠢᠰᠲ᠋ᠢᠺ ᠤᠨ ᠮᠡᠳᠡᠭᠡᠯᠡᠯ ᠦᠨ ᠨᠢᠭᠡᠳᠦᠭᠰᠡᠨ ᠰᠠᠩ ᠳᠤ︽ᠺᠤᠸᠢᠳ᠋ 19  ᠶᠢᠨ ᠨᠥᠯᠥᠭᠡᠯᠡᠯ ᠢ ᠲᠣᠳᠣᠷᠬᠠᠢ  ᠡᠷᠦᠬᠡ  ᠳᠤ ᠰᠠᠭᠤᠷᠢᠯᠠᠭᠰᠠᠨ ᠰᠤᠳᠤᠯᠭᠠᠨ︾ ᠢ ᠪᠠᠶᠢᠷᠢᠰᠢᠭᠤᠯᠵᠠᠢ᠃  ᠰᠤᠳᠤᠯᠭᠠᠨ ᠢ ᠭᠤᠷᠪᠠᠨ ᠦᠶ᠎ᠡ ᠱᠠᠲᠤ ᠲᠠᠢ ᠵᠣᠬᠢᠶᠠᠨ ᠪᠠᠶᠢᠭᠤᠯᠤᠭᠰᠠᠨ ᠪᠥᠭᠡᠳ ᠬᠠᠮᠤᠭ ᠤᠨ ᠰᠡᠭᠦᠯᠴᠢ ᠶᠢᠨ ᠰᠤᠳᠤᠯᠭᠠᠨ ᠢ 2020 ᠣᠨ ᠤ ᠠᠷᠪᠠᠨ ᠬᠣᠶᠠᠳᠤᠭᠠᠷ ᠰᠠᠷ᠎ᠠ ᠶᠢᠨ 3-15 ᠬᠣᠭᠣᠷᠣᠨᠳᠣ ᠬᠢᠭᠰᠡᠨ ᠪᠥᠭᠡᠳ 1147 ᠡᠷᠦᠬᠡ ᠬᠠᠮᠤᠷᠤᠭᠳᠠᠪᠠ᠃
ᠢᠷᠡᠬᠦ ᠰᠠᠷ᠎ᠠ ᠶᠢᠨ ᠡᠷᠦᠬᠡ ᠶᠢᠨ ᠢᠶᠡᠨ ᠰᠠᠩᠬᠦᠦ ᠳᠦ  ᠬᠢᠷᠢ ᠰᠠᠨᠠᠭ᠎ᠠ ᠵᠣᠪᠠᠵᠤ ᠪᠠᠶᠢᠨ᠎ᠠ︖ ᠭᠡᠰᠡᠨ ᠠᠰᠠᠭᠤᠯᠲᠠ ᠳᠤ ᠤᠯᠤᠰ ᠤᠨ ᠬᠡᠮᠵᠢᠶᠡᠨ ᠳᠦ 20 ᠬᠤᠪᠢ ᠨᠢ ᠶᠡᠬᠡ ᠰᠠᠨᠠᠭ᠎ᠠ ᠵᠣᠪᠠᠵᠤ ᠪᠠᠶᠢᠨ᠎ᠠ ᠭᠡᠵᠦ ᠬᠠᠷᠢᠭᠤᠯᠤᠭᠰᠠᠨ ᠪᠣᠯ ᠬᠣᠲᠠ ᠶᠢᠨ ᠢᠷᠭᠡᠳ ᠦᠨ 19᠂ ᠬᠥᠳᠡᠭᠡ ᠣᠷᠣᠨ ᠨᠤᠲᠤᠭ ᠤᠨ ᠢᠷᠭᠡᠳ ᠦᠨ 21᠂ ᠶᠠᠳᠠᠭᠤ ᠢᠷᠭᠡᠳ ᠦᠨ 26᠂ ᠶᠠᠳᠠᠭᠤ ᠪᠤᠰᠤ ᠢᠷᠭᠡᠳ ᠦᠨ 18 ᠬᠤᠪᠢ ᠨᠢ ᠶᠡᠬᠡ ᠰᠠᠨᠠᠭ᠎ᠠ ᠵᠣᠪᠠᠵᠤ ᠪᠠᠶᠢᠨ᠎ᠠ ᠭᠡᠵᠦ ᠬᠠᠷᠢᠭᠤᠯᠤᠭᠰᠠᠨ ᠪᠠᠶᠢᠨ᠎ᠠ᠃ ᠵᠠᠷᠢᠮ ᠲᠠᠯ᠎ᠠ ᠪᠠᠷ ᠢᠶᠠᠨ ᠰᠠᠨᠠᠭ᠎ᠠ ᠵᠣᠪᠠᠵᠤ ᠪᠠᠶᠢᠨ᠎ᠠ ᠭᠡᠰᠡᠨ ᠢᠷᠭᠡᠳ 21-27  ᠬᠤᠪᠢ ᠶᠢ ᠡᠵᠡᠯᠡᠵᠦ ᠪᠤᠢ ᠪᠣᠯ ᠪᠠᠭ᠎ᠠ ᠵᠡᠷᠭᠡ ᠰᠠᠨᠠᠭ᠎ᠠ ᠵᠣᠪᠠᠵᠤ ᠪᠠᠶᠢᠨ᠎ᠠ ᠭᠡᠬᠦ ᠢᠷᠭᠡᠳ 32-34 ᠬᠤᠪᠢ ᠪᠠᠶᠢᠨ᠎ᠠ᠃ ᠬᠠᠷᠢᠨ ᠰᠠᠨᠠᠭ᠎ᠠ ᠵᠣᠪᠠᠬᠤ ᠦᠭᠡᠢ ᠪᠠᠶᠢᠨ᠎ᠠ ᠭᠡᠵᠦ 14-30 ᠬᠤᠪᠢ ᠨᠢ ᠬᠠᠷᠢᠭᠤᠯᠤᠭᠰᠠᠨ ᠪᠠᠶᠢᠨ᠎ᠠ᠃ ᠬᠥᠳᠡᠭᠡ ᠠᠵᠤ ᠠᠬᠤᠢ ᠶᠢᠨ ᠣᠷᠣᠯᠭ᠎ᠠ 77 ᠬᠤᠪᠢ ᠪᠠᠷ ᠪᠠᠭᠤᠷᠠᠭᠰᠠᠨ ᠪᠣᠯ ᠬᠥᠳᠡᠭᠡ ᠠᠵᠤ ᠠᠬᠤᠢ ᠶᠢᠨ ᠪᠤᠰᠤ ᠪᠢᠽᠢᠨᠧᠰ  ᠦᠨ ᠣᠷᠣᠯᠭ᠎ᠠ 86  ᠬᠤᠪᠢ᠂ ᠢᠷᠭᠡᠳ ᠦᠨ ᠴᠠᠯᠢᠩ ᠤᠨ 38 ᠬᠤᠪᠢ ᠪᠠᠷ ᠪᠠᠭᠤᠷᠠᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ