ᠮᠣᠩᠭᠣᠯ ᠶᠠᠫᠣᠨ ᠤ ᠲᠣᠭᠯᠠᠯᠲᠠ 3 ᠳ᠋ᠤᠭᠠᠷ ᠰᠠᠷ᠎ᠠ ᠶᠢᠨ 30 ᠍ ᠳᠦ ᠪᠣᠯᠤᠨ᠎ᠠ  | News.MN

ᠮᠣᠩᠭᠣᠯ ᠶᠠᠫᠣᠨ ᠤ ᠲᠣᠭᠯᠠᠯᠲᠠ 3 ᠳ᠋ᠤᠭᠠᠷ ᠰᠠᠷ᠎ᠠ ᠶᠢᠨ 30 ᠍ ᠳᠦ ᠪᠣᠯᠤᠨ᠎ᠠ 

︽ᠺᠠᠲ᠋ᠠᠷ – 2022︾ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠪᠣᠯᠤᠨ 2023 ᠣᠨ ᠤ ᠠᠽᠢᠶ᠎ᠠ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠦ ᠤᠷᠢᠳᠴᠢᠯᠠᠭᠰᠠᠨ ᠱᠠᠲᠤᠨ ᠤ F ᠬᠡᠰᠡᠭ ᠦᠨ  ᠳᠤᠯᠤᠭᠠᠳᠠᠬᠢ ᠲᠣᠭᠯᠠᠯᠲᠠ ᠶᠢ ᠮᠠᠨ ᠤ ᠤᠯᠤᠰ ᠬᠢᠬᠦ ᠭᠡᠵᠦ ᠪᠠᠶᠢᠭᠰᠠᠨ᠃ ᠬᠠᠷᠠᠮᠰᠠᠯᠲᠠᠢ ᠨᠢ ᠲᠠᠬᠤᠯ ᠤᠨ ᠳᠡᠭᠳᠡᠯᠲᠡ ᠲᠡᠢ ᠬᠣᠯᠪᠣᠭᠠᠲᠠᠢ ᠪᠠᠷ ᠤᠯᠤᠰ ᠤᠨ ᠣᠨᠴᠠᠭᠠᠢ ᠺᠣᠮᠢᠰ ᠪᠣᠯᠤᠨ ᠪᠡᠶ᠎ᠡ ᠶᠢᠨ ᠲᠠᠮᠢᠷ᠂ ᠰᠫᠣᠷᠲ ᠤᠨ ᠤᠯᠤᠰ ᠤᠨ ᠬᠣᠷᠢᠶᠠᠨ ᠠᠴᠠ ᠲᠤᠰ ᠲᠣᠭᠯᠠᠯᠲᠠ ᠶᠢ ᠮᠣᠩᠭᠣᠯ ᠳᠤ ᠬᠦᠯᠢᠶᠡᠨ ᠠᠪᠬᠤ ᠪᠣᠯᠤᠮᠵᠢ ᠦᠭᠡᠢ ᠭᠡᠳᠡᠭ ᠬᠠᠷᠢᠭᠤ ᠥᠭᠭᠦᠭᠰᠡᠨ ᠶᠤᠮ᠃
ᠢᠩᠭᠢᠭᠰᠡᠨ ᠢᠶᠡᠷ ᠲᠤᠰ ᠲᠣᠭᠯᠠᠯᠲᠠ ᠶᠠᠫᠣᠨ ᠤᠯᠤᠰ ᠤᠨ ᠴᠢᠪᠠ ᠬᠤᠲᠠ ᠳᠤ ᠶᠠᠪᠤᠭᠳᠠᠬᠤ ᠪᠠᠷ ᠪᠣᠯᠤᠯ᠎ᠠ᠃ ᠲᠣᠭᠯᠠᠯᠲᠠ ᠶᠢᠨ ᠡᠮᠦᠨ᠎ᠡ ᠮᠠᠨ ᠤ ᠰᠢᠭᠰᠢᠭᠡ 03 ᠰᠠᠷ᠎ᠠ ᠶᠢᠨ 25 ᠍ ᠤ ᠡᠳᠦᠷ ᠲᠠᠵᠢᠺᠰᠲ᠋ᠠᠨ ᠤᠯᠤᠰ ᠤᠨ ᠰᠢᠭᠰᠢᠭᠡ ᠪᠠᠭ ᠤᠨ ᠲᠠᠯᠠᠪᠠᠢ ᠳᠤ ᠵᠣᠴᠢᠯᠠᠨ ᠲᠣᠭᠯᠠᠨ᠎ᠠ᠃

ᠰᠡᠳᠬᠢᠭᠳᠡᠯ ᠦᠯᠡᠳᠡᠭᠡᠬᠦ