ᠽᠠᠨᠳᠠᠨᠰᠢᠲᠠᠷ᠎ᠠ᠄ ᠡᠭᠡᠯᠵᠢᠲᠦ ᠪᠤᠰᠤ ᠴᠢᠭᠤᠯᠭᠠᠨ ᠢ ᠬᠤᠷᠠᠯᠳᠤᠭᠤᠯᠬᠤ ᠦᠭᠡᠢ  | News.MN

 ᠽᠠᠨᠳᠠᠨᠰᠢᠲᠠᠷ᠎ᠠ᠄ ᠡᠭᠡᠯᠵᠢᠲᠦ ᠪᠤᠰᠤ ᠴᠢᠭᠤᠯᠭᠠᠨ ᠢ ᠬᠤᠷᠠᠯᠳᠤᠭᠤᠯᠬᠤ ᠦᠭᠡᠢ 

ᠮᠣᠩᠭᠣᠯ ᠤᠯᠤᠰ ᠤᠨ ᠶᠡᠷᠦᠩᠬᠡᠶᠢᠯᠡᠭᠴᠢ ᠡᠭᠡᠯᠵᠢᠲᠦ ᠪᠤᠰᠤ ᠴᠢᠭᠤᠯᠭᠠᠨ ᠵᠠᠷᠯᠠᠬᠤ ᠰᠠᠨᠠᠯ ᠢᠶᠠᠨ ᠤᠯᠤᠰ ᠤᠨ ᠶᠡᠬᠡ ᠬᠤᠷᠠᠯ ᠤᠨ ᠳᠠᠷᠤᠭ᠎ᠠ ᠳᠤ ᠬᠦᠷᠭᠡᠭᠦᠯᠦᠭᠰᠡᠨ᠃  ᠡᠭᠦᠨ ᠳᠦ ᠭ ∙ᠽᠠᠨᠳᠠᠨᠰᠢᠲᠠᠷ᠎ᠠ ᠮᠡᠳᠡᠭᠡᠯᠡᠯ ᠥᠭᠭᠦᠯ᠎ᠡ᠃
ᠲᠡᠷᠡ ᠪᠡᠷ᠄ ᠨᠢᠭᠡ ᠳᠦ᠂ ᠡᠷᠦᠬᠡ ᠪᠦᠷᠢ ᠳᠦ ᠨᠢᠭᠡ ᠰᠠᠶ᠎ᠠ ᠲᠥᠭᠥᠷᠢᠭ ᠥᠭᠬᠦ ᠮᠥᠩᠭᠥ ᠪᠠᠶᠢᠬᠤ ᠦᠭᠡᠢ᠃ ᠦᠨᠳᠦᠰᠦᠨ ᠬᠠᠤᠯᠢ ᠳᠤ ᠣᠷᠣᠭᠤᠯᠤᠭᠰᠠᠨ ᠨᠡᠮᠡᠯᠲᠡ ᠥᠭᠡᠷᠡᠴᠢᠯᠡᠯᠲᠡ ᠶᠢᠨ ᠳᠠᠭᠠᠤ ᠵᠠᠪᠠᠯ ᠵᠠᠰᠠᠭ ᠤᠨ ᠭᠠᠵᠠᠷ ᠠᠴᠠ ᠰᠠᠨᠠᠯ ᠠᠪᠴᠤ ᠪᠠᠶᠢᠵᠤ ᠲᠥᠰᠥᠪ ᠦᠨ ᠲᠣᠳᠣᠳᠬᠠᠯ᠂ ᠲᠥᠰᠥᠪ ᠦᠨ ᠬᠠᠤᠯᠢ ᠰᠠᠨᠠᠭᠠᠴᠢᠯᠠᠬᠤ ᠶᠣᠰᠣᠲᠠᠢ᠃ ᠣᠹᠹᠱᠣᠷ ᠠᠴᠠ ᠮᠥᠩᠭᠥ ᠣᠷᠣᠵᠤ ᠢᠷᠡᠭᠡ ᠦᠭᠡᠢ᠃ ᠮᠣᠩᠭᠣᠯ ᠤᠯᠤᠰ 837417 ᠡᠷᠦᠬᠡ ᠲᠡᠢ᠃ ᠡᠨᠡ ᠪᠦᠬᠦ  ᠡᠷᠦᠬᠡ ᠳᠦ ᠨᠢᠭᠡ ᠰᠠᠶ᠎ᠠ ᠲᠥᠭᠥᠷᠢᠭ ᠦᠨ ᠳᠡᠮᠵᠢᠯᠭᠡ ᠦᠵᠡᠭᠦᠯᠬᠦ ᠨᠢᠭᠡ ᠶᠡᠬᠡ ᠨᠠᠶᠤᠳ ᠲᠥᠭᠥᠷᠢᠭ ᠦᠨ ᠣᠹᠹᠱᠣᠷ ᠂  ᠠᠪᠯᠢᠭ᠎ᠠ ᠶᠢᠨ ᠮᠥᠩᠭᠥ ᠣᠷᠣᠵᠤ ᠢᠷᠡᠭᠡ ᠦᠭᠡᠢ᠃ ᠮᠥᠩᠭᠥ ᠣᠷᠣᠵᠤ ᠢᠷᠡᠭᠡ ᠦᠭᠡᠢ ᠪᠠᠶᠢᠬᠤ ᠳᠤ ᠮᠥᠩᠭᠥ ᠬᠤᠪᠢᠶᠠᠷᠢᠯᠠᠬᠤ ᠬᠠᠤᠯᠢ ᠤᠯᠤᠰ ᠤᠨ ᠶᠡᠬᠡ ᠬᠤᠷᠠᠯ ᠪᠠᠲᠤᠯᠠᠬᠤ ᠪᠣᠯᠤᠮᠵᠢ ᠦᠭᠡᠢ᠃
ᠬᠣᠶᠠᠷ ᠲᠤ᠂ ᠶᠡᠷᠦᠩᠬᠡᠶᠢᠯᠡᠭᠴᠢ ᠵᠥᠪᠬᠡᠨ ᠲᠣᠭᠲᠠᠭᠠᠯ ᠢᠶᠠᠷ ᠮᠥᠩᠭᠥ ᠬᠤᠪᠢᠶᠠᠷᠢᠯᠠᠬᠤ ᠰᠠᠨᠠᠯ ᠣᠷᠣᠭᠤᠯᠵᠤ ᠢᠷᠡᠭᠰᠡᠨ᠃ ᠲᠥᠰᠥᠪ ᠦᠨ ᠲᠤᠬᠠᠢ ᠬᠠᠤᠯᠢ ᠪᠠᠷ ᠵᠠᠪᠠᠯ ᠲᠥᠰᠥᠪ ᠦᠨ ᠲᠣᠳᠣᠳᠬᠠᠯ ᠬᠢᠵᠦ ᠪᠠᠶᠢᠵᠤ ᠲᠥᠰᠥᠪ ᠦᠨ ᠨᠢᠭᠡᠳᠦᠭᠰᠡᠨ ᠰᠠᠩ ᠳᠤ ᠣᠷᠣᠯᠭ᠎ᠠ᠂ ᠵᠠᠷᠤᠯᠭ᠎ᠠ ᠨᠢ ᠪᠦᠷᠢᠳᠬᠡᠭᠳᠡᠵᠦ ᠪᠠᠶᠢᠵᠤ ᠮᠥᠩᠭᠥ ᠣᠯᠭᠤᠨ᠎ᠠ᠃ ᠲᠡᠶᠢᠮᠦ ᠡᠴᠡ ᠦᠨᠳᠦᠰᠦᠨ ᠬᠠᠤᠯᠢ᠂ ᠤᠯᠤᠰ ᠤᠨ ᠶᠡᠬᠡ ᠬᠤᠷᠠᠯ ᠤᠨ ᠲᠤᠬᠠᠢ ᠬᠠᠤᠯᠢ᠂ ᠲᠥᠰᠥᠪ ᠦᠨ ᠲᠤᠬᠠᠢ ᠬᠠᠤᠯᠢ ᠶᠢᠨ ᠳᠠᠭᠠᠤ ᠡᠭᠡᠯᠵᠢᠲᠦ ᠪᠤᠰᠤ ᠴᠢᠭᠤᠯᠭᠠᠨ ᠬᠤᠷᠠᠯᠳᠤᠵᠤ ᠡᠨᠡ ᠠᠰᠠᠭᠤᠳᠠᠯ ᠢ ᠬᠡᠯᠡᠯᠴᠡᠬᠦ ᠪᠣᠯᠤᠮᠵᠢ ᠦᠭᠡᠢ ᠪᠠᠶᠢᠨ᠎ᠠ᠃ ᠨᠢᠭᠡ ᠰᠠᠶ᠎ᠠ ᠲᠥᠭᠥᠷᠢᠭ ᠥᠭᠬᠦ ᠦᠭᠡᠢ ᠭᠡᠳ ᠪᠠᠶᠢᠭ᠎ᠠ ᠶᠤᠮ ᠪᠢᠰᠢ᠂ ᠮᠥᠩᠭᠥ ᠪᠠᠶᠢᠬᠤ ᠦᠭᠡᠢ᠃ ᠪᠠᠶᠢᠬᠤ ᠦᠭᠡᠢ ᠮᠥᠩᠭᠥᠨ ᠦ ᠠᠰᠠᠭᠤᠳᠠᠯ ᠢᠶᠠᠷ ᠴᠢᠭᠤᠯᠭᠠᠨ ᠬᠤᠷᠠᠯᠳᠤᠬᠤ ᠪᠣᠯᠤᠮᠵᠢ ᠦᠭᠡᠢ ᠭᠡᠪᠡ᠃

ᠰᠡᠳᠬᠢᠭᠳᠡᠯ ᠦᠯᠡᠳᠡᠭᠡᠬᠦ