ᠬ∙ᠪᠠᠲᠤᠲᠤᠯᠭ᠎ᠠ ᠦᠨᠳᠦᠰᠦᠨ ᠬᠠᠤᠯᠢ ᠶᠢᠨ ᠰᠡᠴᠡ ᠳᠦ ᠬᠦᠰᠡᠯᠲᠡ ᠭᠠᠷᠭᠠᠯ᠎ᠠ  | News.MN

ᠬ∙ᠪᠠᠲᠤᠲᠤᠯᠭ᠎ᠠ ᠦᠨᠳᠦᠰᠦᠨ ᠬᠠᠤᠯᠢ ᠶᠢᠨ ᠰᠡᠴᠡ ᠳᠦ ᠬᠦᠰᠡᠯᠲᠡ ᠭᠠᠷᠭᠠᠯ᠎ᠠ 

ᠤᠯᠤᠰ ᠤᠨ ᠶᠡᠬᠡ ᠬᠤᠷᠠᠯ ᠠᠴᠠ ᠪᠠᠲᠤᠯᠠᠭᠰᠠᠨ ᠠᠪᠯᠢᠭ᠎ᠠ ᠶᠢᠨ ᠡᠰᠡᠷᠭᠦ ᠬᠠᠤᠯᠢ ᠳᠤ ᠥᠭᠡᠷᠡᠴᠢᠯᠡᠯᠲᠡ ᠤᠷᠤᠭᠤᠯᠬᠤ ᠲᠤᠬᠠᠢ᠂ ᠮᠣᠩᠭᠣᠯ ᠤᠯᠤᠰ ᠤᠨ ᠰᠢᠭᠦᠬᠦ ᠶᠢᠨ ᠲᠤᠬᠠᠢ᠂ ᠵᠠᠰᠠᠭ ᠵᠠᠬᠢᠷᠭ᠎ᠠ᠂ ᠨᠤᠲᠤᠭ ᠳᠡᠪᠢᠰᠬᠡᠷ ᠦᠨ ᠨᠢᠭᠡᠴᠡ᠂ ᠲᠡᠭᠦᠨ ᠦ ᠤᠳᠤᠷᠢᠳᠤᠯᠭ᠎ᠠ ᠶᠢᠨ ᠲᠤᠬᠠᠢ ᠬᠠᠤᠯᠢ ᠨᠤᠭᠤᠳ ᠦᠨᠳᠦᠰᠦᠨ ᠬᠠᠤᠯᠢ ᠵᠥᠷᠢᠴᠡᠭᠰᠡᠨ ᠡᠰᠡᠬᠦ ᠶᠢ ᠬᠢᠨᠠᠨ ᠰᠢᠯᠭᠠᠭᠤᠯᠬᠤ ᠪᠠᠷ ᠮᠣᠩᠭᠣᠯ ᠤᠯᠤᠰ ᠤᠨ ᠶᠡᠷᠦᠩᠬᠡᠶᠢᠯᠡᠭᠴᠢ ᠬᠠᠯᠲᠠᠮ᠎ᠠ ᠶᠢᠨ ᠪᠠᠲᠤᠲᠤᠯᠭ᠎ᠠ ᠥᠨᠥᠳᠥᠷ ᠦᠨᠳᠦᠰᠦᠨ ᠬᠠᠤᠯᠢ ᠶᠢᠨ ᠰᠡᠴᠡ  ᠳᠦ ᠬᠦᠰᠡᠯᠲᠡ ᠭᠠᠷᠭᠠᠯ᠎ᠠ᠃
ᠲᠡᠷᠡ᠄ 2020 ᠣᠨ ᠤ 12 ᠳ᠋ᠤᠭᠠᠷ ᠰᠠᠷ᠎ᠠ ᠶᠢᠨ 24 ᠍ ᠦ ᠡᠳᠦᠷ ᠪᠠᠲᠤᠯᠠᠭᠳᠠᠭᠰᠠᠨ︽ᠵᠠᠰᠠᠭ ᠵᠠᠬᠢᠷᠭ᠎ᠠ᠂ ᠨᠤᠲᠤᠭ᠂ ᠳᠡᠪᠢᠰᠬᠡᠷ ᠦᠨ ᠨᠢᠭᠡᠴᠡ᠂ ᠲᠡᠭᠦᠨ ᠦ ᠤᠳᠤᠷᠢᠳᠤᠯᠭ᠎ᠠ ᠶᠢᠨ ᠲᠤᠬᠠᠢ︾ᠬᠠᠤᠯᠢ᠂ 2020 ᠣᠨ ᠤ 12 ᠳ᠋ᠤᠭᠠᠷ ᠰᠠᠷ᠎ᠠ ᠶᠢᠨ 31 ᠍ ᠦ ᠡᠳᠦᠷ ᠪᠠᠲᠤᠯᠠᠭᠳᠠᠭᠰᠠᠨ ︽ᠠᠪᠯᠢᠭ᠎ᠠ ᠶᠢᠨ ᠡᠰᠡᠷᠭᠦ ᠬᠠᠤᠯᠢ ᠳᠤ ᠥᠭᠡᠷᠡᠴᠢᠯᠡᠯᠲᠡ ᠤᠷᠤᠭᠤᠯᠬᠤ ᠲᠤᠬᠠᠢ︾ᠬᠠᠤᠯᠢ᠂ 2021 ᠣᠨ ᠤ ᠨᠢᠭᠡᠳᠦᠭᠡᠷ ᠰᠠᠷ᠎ᠠ ᠶᠢᠨ 15 ᠍ ᠤ ᠡᠳᠦᠷ ᠪᠠᠲᠤᠯᠠᠭᠳᠠᠭᠰᠠᠨ ︽ᠮᠣᠩᠭᠣᠯ ᠤᠯᠤᠰ ᠤᠨ ᠰᠢᠭᠦᠬᠦ ᠶᠢᠨ ᠲᠤᠬᠠᠢ︾ ᠬᠠᠤᠯᠢ ᠨᠢ ᠦᠨᠳᠦᠰᠦᠨ ᠬᠠᠤᠯᠢ ᠳᠤ ᠨᠡᠶᠢᠴᠡᠬᠦ ᠦᠭᠡᠢ ᠠᠰᠠᠭᠤᠳᠠᠯ ᠤᠳ ᠣᠯᠠᠨ ᠪᠠᠶᠢᠨ᠎ᠠ᠃ ᠡᠶᠢᠮᠦ ᠳᠦ ᠦᠨᠳᠦᠰᠦᠨ ᠬᠠᠤᠯᠢ ᠶᠢᠨ ᠰᠡᠴᠡ ᠳᠦ ᠬᠦᠰᠡᠯᠲᠡ ᠭᠠᠷᠭᠠᠬᠤ ᠪᠠᠷ ᠥᠪᠡᠷ ᠦᠨ ᠪᠡᠶ᠎ᠡ ᠪᠡᠷ ᠢᠷᠡᠵᠦ ᠪᠠᠶᠢᠨ᠎ᠠ᠃ ᠤᠴᠢᠷ ᠨᠢ ᠡᠷᠬᠡ ᠪᠠᠷᠢᠭᠴᠢ ᠨᠠᠮ ᠦᠨᠳᠦᠰᠦᠨ ᠬᠠᠤᠯᠢ ᠵᠥᠷᠢᠴᠡᠨ᠂ ᠣᠯᠠᠩᠬᠢ ᠪᠠᠷ ᠢᠶᠠᠨ ᠬᠦᠴᠦ ᠲᠦᠷᠢᠵᠦ ᠡᠶᠢᠮᠦ ᠪᠠᠶᠢᠳᠠᠯ ᠳᠤ ᠬᠦᠷᠭᠡᠯ᠎ᠡ᠃ ᠶᠡᠷᠦᠩᠬᠡᠶᠢᠯᠡᠭᠴᠢ ᠶᠢᠨ ᠬᠤᠪᠢ ᠳᠤ ᠡᠨᠡ ᠠᠰᠠᠭᠤᠳᠠᠯ ᠳᠤ ᠰᠠᠨᠠᠭ᠎ᠠ ᠵᠣᠪᠠᠨᠢᠵᠤ ᠪᠠᠶᠢᠨ᠎ᠠ᠃ ᠳᠡᠭᠡᠷᠡᠬᠢ ᠬᠠᠤᠯᠢ ᠨᠤᠭᠤᠳ ᠪᠠᠲᠤᠯᠠᠭᠳᠠᠭᠰᠠᠨ ᠢᠶᠠᠷ ᠢᠨᠰᠲ᠋ᠢᠲ᠋ᠦᠴ ᠬᠣᠭᠣᠷᠣᠨᠳᠣ ᠶᠢᠨ ᠡᠷᠬᠡ ᠮᠡᠳᠡᠯ ᠦᠨ ᠲᠡᠩᠴᠡᠪᠦᠷᠢ ᠠᠯᠳᠠᠭᠳᠠᠵᠤ ᠡᠬᠢᠯᠡᠵᠦ ᠪᠠᠶᠢᠭ᠎ᠠ ᠶᠠᠪᠤᠳᠠᠯ᠃ ᠡᠨᠡ ᠨᠢ ᠡᠷᠭᠢᠭᠡᠳ ᠶᠠᠮᠠᠷ ᠰᠥᠷᠭᠦ ᠦᠷ᠎ᠡ ᠳᠠᠭᠠᠪᠤᠷᠢ ᠲᠠᠢ ᠪᠤᠢ ᠭᠡᠬᠦ ᠪᠡᠷ᠂ ᠤᠯᠤᠰ ᠤᠨ ᠶᠡᠬᠡ ᠬᠤᠷᠠᠯ ᠥᠪᠡᠷ ᠢᠶᠡᠨ ᠪᠠᠭ᠎ᠠ ᠠᠷᠠᠳ ᠲᠦᠮᠡᠨ ᠪᠤᠶᠤ ᠠᠷᠠᠳ ᠲᠦᠮᠡᠨ ᠦ ᠲᠥᠯᠥᠭᠡᠯᠡᠯ ᠪᠠᠶᠢᠬᠤ ᠪᠠᠨ ᠪᠣᠯᠢᠵᠤ ᠪᠠᠶᠢᠨ᠎ᠠ᠃
ᠨᠦᠭᠦᠭᠡᠳᠡᠭᠦᠷ ᠠᠪᠯᠢᠭ᠎ᠠ ᠲᠠᠢ ᠲᠡᠮᠡᠴᠡᠬᠦ ᠭᠠᠵᠠᠷ ᠰᠡᠭᠦᠯ ᠦᠨ ᠬᠣᠶᠠᠷ ᠵᠢᠯ ᠳᠦ ᠮᠠᠰᠢ ᠢᠳᠡᠪᠬᠢᠲᠡᠢ ᠠᠵᠢᠯᠯᠠᠭᠰᠠᠨ᠃ ᠠᠪᠯᠢᠭ᠎ᠠ ᠭᠡᠳᠡᠭ ᠪᠣᠯ ᠬᠥᠳᠡᠭᠡ ᠣᠷᠣᠨ ᠨᠤᠲᠤᠭ ᠲᠤ ᠪᠠᠶᠢᠳᠠᠭ ᠠᠰᠠᠭᠤᠳᠠᠯ ᠪᠢᠰᠢ᠂ ᠬᠠᠷᠢᠨ ᠮᠣᠩᠭᠣᠯ ᠤᠨ ᠪᠠᠶᠠᠯᠢᠭ ᠠᠴᠠ ᠣᠯᠤᠭᠰᠠᠨ ᠬᠠᠤᠯᠢ ᠪᠤᠰᠤ ᠬᠥᠷᠥᠩᠭᠡ ᠪᠡᠨ ᠬᠢᠯᠢ ᠶᠢᠨ ᠴᠢᠨᠠᠳᠤ ᠳᠤ ᠮᠠᠰᠢ ᠶᠡᠬᠡ ᠬᠡᠮᠵᠢᠶ᠎ᠡ ᠪᠡᠷ ᠨᠢᠭᠤᠭᠰᠠᠨ ᠡᠵᠡᠳ ᠨᠢ ᠢᠯᠡ ᠪᠣᠯᠵᠤ ᠢᠷᠡᠬᠦ ᠦᠶ᠎ᠡ ᠳᠦ ᠡᠷᠬᠡ ᠪᠠᠷᠢᠭᠴᠢᠳ ᠤᠨ ᠣᠶᠢᠷ᠎ᠠ ᠶᠢᠨ ᠨᠥᠬᠥᠳ᠂ ᠲᠡᠳᠡᠨ ᠦ ᠲᠥᠯᠥᠭᠡᠯᠡᠯ ᠰᠠᠨᠳᠤᠷᠤᠯᠳᠤᠵᠤ᠂ ᠬᠠᠤᠯᠢ ᠨᠤᠭᠤᠳ ᠢ ᠬᠤᠷᠳᠤᠨ ᠬᠠᠭᠤᠮᠠᠭᠠᠢ ᠪᠠᠶᠢᠳᠠᠯ ᠢᠶᠠᠷ ᠪᠠᠲᠤᠯᠠᠬᠤ ᠦᠢᠯᠡ ᠶᠠᠪᠤᠴᠠ ᠥᠷᠨᠢᠵᠦ ᠪᠠᠶᠢᠨ᠎ᠠ᠃ ᠲᠦᠷᠦᠭᠦᠨ ᠬᠡᠯᠡᠭᠰᠡᠨᠴᠢᠯᠡᠨ᠂  ᠠᠪᠯᠢᠭ᠎ᠠ ᠲᠠᠢ ᠲᠡᠮᠡᠴᠡᠬᠦ ᠭᠠᠵᠠᠷ ᠤᠨ ᠳᠡᠳ᠋ ᠳᠠᠷᠤᠭ᠎ᠠ ᠶᠢᠨ ᠠᠰᠠᠭᠤᠳᠠᠯ ᠶᠠᠷᠢᠭᠳᠠᠩᠭᠤᠲᠠ ᠳᠠᠷᠤᠭ᠎ᠠ ᠶᠢᠨ ᠠᠰᠠᠭᠤᠳᠠᠯ ᠪᠣᠯᠵᠤ ᠣᠷᠣᠭᠤᠯᠵᠤ ᠢᠷᠡᠬᠦ ᠵᠢᠱᠢᠶ᠎ᠡ ᠲᠡᠢ᠃ ᠠᠷᠠᠳ ᠲᠦᠮᠡᠨ ᠡᠭᠦᠨ ᠢ ᠮᠡᠳᠡᠬᠦ ᠦᠭᠡᠢ᠂ ᠣᠶᠢᠯᠠᠭᠠᠬᠤ ᠦᠭᠡᠢ ᠭᠡᠵᠦ ᠡᠷᠬᠡ ᠪᠠᠷᠢᠭᠴᠢᠳ ᠪᠣᠳᠣᠳᠠᠭ ᠪᠠᠶᠢᠬᠤ᠃ ᠡᠶᠢᠮᠦ ᠤᠴᠢᠷ ᠠᠴᠠ ᠮᠠᠰᠢ ᠲᠣᠳᠣᠷᠬᠠᠢ ᠠᠰᠠᠭᠤᠳᠠᠯ ᠢᠶᠠᠷ ᠦᠨᠳᠦᠰᠦᠨ ᠬᠠᠤᠯᠢ ᠶᠢᠨ ᠰᠡᠴᠡ ᠳᠦ ᠬᠠᠨᠳᠤᠵᠤ ᠪᠠᠶᠢᠨ᠎ᠠ ᠭᠡᠯ᠎ᠡ᠃

ᠰᠡᠳᠬᠢᠭᠳᠡᠯ ᠦᠯᠡᠳᠡᠭᠡᠬᠦ