ᠪᠦᠬᠦ ᠨᠡᠶᠢᠲᠡ ᠶᠢᠨ ᠮᠣᠩᠭᠣᠯ ᠬᠡᠯᠡ ᠪᠢᠴᠢᠭ ᠦᠨ ᠬᠡᠷᠡᠭᠯᠡᠭᠡᠨ ᠦ ᠴᠢᠳᠠᠪᠤᠷᠢ ᠶᠢ ᠳᠡᠭᠡᠭᠰᠢᠯᠡᠭᠦᠯᠦᠨ᠎ᠡ  | News.MN

ᠪᠦᠬᠦ ᠨᠡᠶᠢᠲᠡ ᠶᠢᠨ ᠮᠣᠩᠭᠣᠯ ᠬᠡᠯᠡ ᠪᠢᠴᠢᠭ ᠦᠨ ᠬᠡᠷᠡᠭᠯᠡᠭᠡᠨ ᠦ ᠴᠢᠳᠠᠪᠤᠷᠢ ᠶᠢ ᠳᠡᠭᠡᠭᠰᠢᠯᠡᠭᠦᠯᠦᠨ᠎ᠡ 

ᠮᠡᠷᠭᠡᠵᠢᠯ ᠦᠨ ᠪᠠᠶᠢᠭᠤᠯᠤᠯᠭ᠎ᠠ ᠨᠤᠭᠤᠳ ᠮᠣᠩᠭᠣᠯ ᠬᠡᠯᠡ ᠪᠢᠴᠢᠭ ᠦᠨ ᠰᠤᠶᠤᠯ ᠢ ᠲᠦᠭᠡᠭᠡᠨ ᠳᠡᠯᠭᠡᠷᠡᠭᠦᠯᠬᠦ ᠵᠣᠷᠢᠯᠭ᠎ᠠ ᠪᠦᠬᠦᠢ ᠣᠯᠠᠨ ᠲᠠᠯᠠᠲᠤ ᠠᠵᠢᠯ ᠢ ᠬᠣᠪᠳᠣ ᠠᠶᠢᠮᠠᠭ ᠲᠤ ᠬᠡᠷᠡᠭᠵᠢᠭᠦᠯᠦᠨ᠎ᠡ ᠭᠡᠵᠦ ᠠᠯᠪᠠᠨ ᠤ ᠡᠬᠡ ᠰᠤᠷᠪᠤᠯᠵᠢ ᠮᠡᠳᠡᠭᠡᠯᠡᠯ᠎ᠡ᠃ ᠬᠡᠯᠡᠨ ᠦ ᠪᠣᠳᠣᠯᠭ᠎ᠠ ᠶᠢᠨ ᠬᠣᠪᠳᠣ ᠠᠶᠢᠮᠠᠭ ᠤᠨ ᠰᠠᠯᠪᠤᠷᠢ ᠵᠥᠪᠯᠡᠯ᠂ ᠲᠥᠷᠥ ᠶᠢᠨ ᠠᠯᠪᠠᠨ ᠤ ᠰᠠᠯᠪᠤᠷᠢ ᠵᠥᠪᠯᠡᠯ᠂ ᠪᠣᠯᠪᠠᠰᠤᠷᠠᠯ ᠰᠤᠶᠤᠯ ᠤᠷᠠᠯᠢᠭ ᠤᠨ ᠭᠠᠵᠠᠷ ᠤᠨ ᠲᠥᠯᠥᠭᠡᠯᠡᠯ ᠦᠳ ᠥᠨᠥᠳᠥᠷ ᠬᠤᠷᠠᠯᠳᠤᠪᠠ᠃ ᠬᠤᠷᠠᠯ ᠤᠨ ᠦᠶ᠎ᠡ ᠪᠡᠷ ᠵᠥᠪᠯᠡᠯ ᠦᠨ ᠪᠦᠷᠢᠯᠳᠦᠬᠦᠨ ᠳᠦ ᠥᠭᠡᠷᠡᠴᠢᠯᠡᠯᠲᠡ ᠤᠷᠤᠭᠤᠯᠬᠤ᠂ ᠠᠵᠢᠯᠯᠠᠬᠤ ᠵᠢᠷᠤᠮ ᠢ ᠰᠢᠨᠡᠴᠢᠯᠡᠨ ᠪᠠᠲᠤᠯᠠᠬᠤ᠂ 2021 ᠣᠨ ᠤ ᠠᠵᠢᠯ ᠤᠨ ᠲᠥᠯᠥᠪᠯᠡᠭᠡ ᠶᠢ ᠪᠣᠯᠪᠠᠰᠤᠷᠠᠭᠤᠯᠬᠤ ᠲᠤᠬᠠᠢ ᠠᠰᠠᠭᠤᠳᠠᠯ ᠢ ᠲᠠᠯ᠎ᠠ ᠨᠤᠭᠤᠳ ᠬᠡᠯᠡᠯᠴᠡᠯ᠎ᠡ᠃
ᠡᠨᠡ ᠦᠶ᠎ᠡ ᠪᠡᠷ ᠲᠥᠷᠥ ᠶᠢᠨ ᠠᠯᠪᠠᠨ ᠬᠠᠭᠠᠭᠴᠢᠳ ᠤᠨ ᠮᠣᠩᠭᠣᠯ ᠬᠡᠯᠡ ᠪᠢᠴᠢᠭ ᠦᠨ ᠮᠡᠳᠡᠯᠭᠡ ᠴᠢᠳᠠᠪᠤᠷᠢ ᠶᠢᠨ ᠲᠦᠪᠰᠢᠨ ᠲᠣᠭᠲᠠᠭᠠᠬᠤ ᠦᠢᠯᠡ ᠠᠵᠢᠯᠯᠠᠭ᠎ᠠ ᠵᠣᠬᠢᠶᠠᠨ ᠪᠠᠶᠢᠭᠤᠯᠬᠤ᠂ ᠮᠣᠩᠭᠣᠯ ᠬᠡᠯᠡᠨ ᠦ ᠲᠤᠬᠠᠢ ᠬᠠᠤᠯᠢ᠂ ᠮᠣᠩᠭᠣᠯ ᠪᠢᠴᠢᠭ ᠦᠨ ᠦᠨᠳᠦᠰᠦᠨ ᠦ ᠬᠥᠲᠥᠯᠪᠦᠷᠢ- 3᠂ ︽ᠮᠣᠩᠭᠣᠯ ᠬᠡᠯᠡ ᠪᠢᠴᠢᠭ︾ᠠᠶᠢᠮᠠᠭ ᠤᠨ ᠳᠡᠳ᠋ ᠬᠥᠲᠥᠯᠪᠦᠷᠢ ᠶᠢ ᠢᠷᠭᠡᠳ ᠲᠦ ᠲᠠᠨᠢᠯᠴᠠᠭᠤᠯᠬᠤ ᠪᠠᠷ ᠪᠣᠯᠪᠠ᠃ ᠮᠥᠨ ᠪᠠᠶᠢᠭᠤᠯᠤᠯᠭ᠎ᠠ ᠨᠤᠭᠤᠳ ᠤᠨ ᠬᠠᠶ᠋ᠢᠭ ᠢ ᠦᠨᠳᠦᠰᠦᠨ ᠦ ᠪᠢᠴᠢᠭ ᠪᠣᠯᠤᠨ ᠺᠢᠷᠢᠯ ᠪᠢᠴᠢᠭ ᠢᠶᠡᠷ ᠬᠣᠣᠰᠯᠠᠭᠤᠯᠤᠨ ᠪᠢᠴᠢᠬᠦ᠂ ᠠᠯᠪᠠᠨ ᠬᠡᠷᠡᠭ ᠢ ᠺᠢᠷᠢᠯ ᠪᠣᠯᠤᠨ ᠮᠣᠩᠭᠣᠯ ᠪᠢᠴᠢᠭ ᠢᠶᠡᠷ ᠬᠥᠲᠥᠯᠦᠨ ᠶᠠᠪᠤᠭᠤᠯᠬᠤ ᠳᠤ ᠠᠷᠬᠢᠪ᠂ ᠪᠢᠴᠢᠭ ᠬᠡᠷᠡᠭ ᠦᠨ ᠠᠵᠢᠯᠲᠠᠳ᠂ ᠲᠥᠷᠥ ᠶᠢᠨ ᠠᠯᠪᠠᠨ ᠬᠠᠭᠠᠭᠴᠢᠳ ᠢ ᠴᠢᠳᠠᠪᠤᠷᠢᠵᠢᠭᠤᠯᠬᠤ᠂ ᠲᠥᠷᠥ ᠶᠢᠨ ᠪᠦᠬᠦ ᠱᠠᠲᠤᠨ ᠤ ᠪᠠᠶᠢᠭᠤᠯᠤᠯᠭ᠎ᠠ ᠨᠤᠭᠤᠳ ᠬᠠᠮᠲᠤ ᠣᠯᠠᠨ ᠢᠶᠠᠷ ᠢᠶᠠᠨ ᠮᠣᠩᠭᠣᠯ ᠪᠢᠴᠢᠭᠲᠡᠨ ᠪᠣᠯᠬᠤ ᠠᠶᠠᠨ᠂ ᠬᠥᠳᠡᠯᠭᠡᠭᠡᠨ ᠥᠷᠨᠢᠭᠦᠯᠬᠦ ᠪᠡᠷ ᠰᠢᠢᠳᠪᠦᠷᠢᠯᠡᠵᠡᠢ᠃ ᠲᠡᠭᠦᠨᠴᠢᠯᠡᠨ ᠪᠦᠬᠦ ᠨᠡᠶᠢᠲᠡ ᠶᠢᠨ ᠮᠣᠩᠭᠣᠯ ᠬᠡᠯᠡ ᠪᠢᠴᠢᠭ ᠦᠨ ᠬᠡᠷᠡᠭᠯᠡᠭᠡᠨ ᠦ ᠴᠢᠳᠠᠪᠤᠷᠢ ᠶᠢ ᠳᠡᠭᠡᠭᠰᠢᠯᠡᠭᠦᠯᠬᠦ᠂ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ 2003 ᠣᠨ ᠤ 105 ᠳ᠋ᠤᠭᠠᠷ ᠵᠠᠷᠯᠢᠭ ᠤᠨ ᠳᠠᠭᠠᠤ ᠵᠢᠯ ᠪᠦᠷᠢ ᠤᠯᠠᠮᠵᠢᠯᠠᠯ ᠪᠣᠯᠭᠠᠨ ᠵᠣᠬᠢᠶᠠᠨ ᠪᠠᠶᠢᠭᠤᠯᠳᠠᠭ 《ᠦᠨᠳᠦᠰᠦᠨ ᠦ ᠪᠢᠴᠢᠭ ᠦᠰᠦᠭ ᠦᠨ ᠡᠳᠦᠷ》᠍ ᠢ ᠥᠷᠭᠡᠨ ᠴᠠᠷ᠎ᠠ ᠬᠦᠷᠢᠶ᠎ᠡ ᠲᠡᠢ ᠲᠡᠮᠳᠡᠭᠯᠡᠬᠦ ᠵᠡᠷᠭᠡ ᠮᠣᠩᠭᠣᠯ ᠪᠢᠴᠢᠭ ᠦᠨ ᠬᠡᠷᠡᠭᠯᠡᠭᠡᠨ ᠦ ᠣᠷᠴᠢᠨ ᠪᠦᠷᠢᠳᠦᠭᠦᠯᠬᠦ ᠳᠦ ᠴᠢᠭᠯᠡᠭᠰᠡᠨ ᠦᠶ᠎ᠡ ᠱᠠᠲᠤ ᠲᠠᠢ ᠠᠵᠢᠯ᠂ ᠦᠢᠯᠡ ᠠᠵᠢᠯᠯᠠᠭ᠎ᠠ ᠶᠢ ᠬᠠᠮᠲᠤᠷᠠᠨ ᠬᠡᠷᠡᠭᠵᠢᠭᠦᠯᠬᠦ ᠪᠡᠷ ᠲᠥᠯᠥᠪᠯᠡᠯ᠎ᠡ᠃

ᠰᠡᠳᠬᠢᠭᠳᠡᠯ ᠦᠯᠡᠳᠡᠭᠡᠬᠦ