ᠰᠦᠬᠡᠪᠠᠭᠠᠲᠤᠷ ᠠᠶᠢᠮᠠᠭ ᠲᠤ 100 ᠨᠠᠰᠤᠲᠠᠢ ᠢᠷᠭᠡᠨ ᠬᠣᠶᠠᠷ ᠪᠠᠶᠢᠨ᠎ᠠ  | News.MN

ᠰᠦᠬᠡᠪᠠᠭᠠᠲᠤᠷ ᠠᠶᠢᠮᠠᠭ ᠲᠤ 100 ᠨᠠᠰᠤᠲᠠᠢ ᠢᠷᠭᠡᠨ ᠬᠣᠶᠠᠷ ᠪᠠᠶᠢᠨ᠎ᠠ 

ᠰᠦᠬᠡᠪᠠᠭᠠᠲᠤᠷ ᠠᠶᠢᠮᠠᠭ ᠲᠤ 100 ᠨᠠᠰᠤᠲᠠᠢ ᠬᠣᠶᠠᠷ ᠢᠷᠭᠡᠨ ᠡᠩᠬᠡ ᠲᠤᠩᠬ᠎ᠠ ᠠᠮᠢᠳᠤᠷᠠᠵᠤ ᠪᠠᠶᠢᠨ᠎ᠠ᠃ ᠲᠡᠳᠡ ᠪᠣᠯ ᠪᠠᠷᠠᠭᠤᠨ-ᠤᠷᠲᠤ ᠰᠤᠮᠤ ᠶᠢᠨ ᠲᠠᠪᠤᠳᠤᠭᠠᠷ ᠪᠠᠭ ᠤᠨ ᠢᠷᠭᠡᠨ ᠯ∙ᠳᠠᠷᠢᠰᠦ᠋ᠷᠦᠩ᠂ ᠣᠩᠭᠣᠨ ᠰᠤᠮᠤ ᠶᠢᠨ ᠢᠷᠭᠡᠨ ᠭ∙ᠨᠠᠩᠰᠠᠯᠮ᠎ᠠ ᠶᠤᠮ᠃ ᠬᠣᠶᠠᠭᠤᠯᠠ ᠪᠠᠨ ᠡᠳᠦᠭᠡ ᠥᠪᠡᠷ ᠥᠪᠡᠷᠰᠡᠳ ᠦᠨ ᠣᠷᠣᠨ ᠨᠤᠲᠤᠭ ᠲᠤ ᠪᠠᠨ ᠪᠠᠶᠢᠳᠠᠭ ᠠᠵᠠᠢ᠃
ᠰᠦᠬᠡᠪᠠᠭᠠᠲᠤᠷ ᠠᠶᠢᠮᠠᠭ ᠤᠨ ᠬᠠᠮᠤᠭ ᠤᠨ ᠥᠨᠳᠥᠷ ᠨᠠᠰᠤᠲᠠᠢ ᠡᠳᠡᠭᠡᠷ ᠠᠬᠠᠮᠠᠳ ᠲᠤ ᠠᠶᠢᠮᠠᠭ ᠤᠨ ᠵᠠᠰᠠᠭ ᠳᠠᠷᠤᠭ᠎ᠠ ᠮ ∙ᠢᠳᠠᠷᠪᠠᠲᠤ ᠰᠠᠷ᠎ᠠ ᠰᠢᠨ᠎ᠡ ᠶᠢᠨ ᠪᠠᠶᠠᠷ ᠢ ᠲᠣᠬᠢᠶᠠᠯᠳᠤᠭᠤᠯᠤᠨ ᠬᠦᠨᠳᠦᠳᠬᠡᠯ ᠦᠵᠡᠭᠦᠯᠵᠦ᠂ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠪᠣᠯᠤᠨ ᠠᠶᠢᠮᠠᠭ ᠤᠨ ᠵᠠᠰᠠᠭ ᠳᠠᠷᠤᠭ᠎ᠠ ᠶᠢᠨ ᠭᠠᠷ ᠤᠨ ᠪᠡᠯᠡᠭ ᠢ ᠭᠠᠷᠳᠠᠭᠤᠯᠤᠨ ᠥᠭᠭᠦᠯ᠎ᠡ᠃

ᠰᠡᠳᠬᠢᠭᠳᠡᠯ ᠦᠯᠡᠳᠡᠭᠡᠬᠦ