ᠬ ∙ ᠪᠠᠲᠤᠲᠤᠯᠭ᠎ᠠ ᠡᠩᠬᠡ ᠶᠢ ᠰᠠᠬᠢᠭᠤᠯᠤᠭᠴᠢᠳ ᠲᠠᠢ ᠴᠠᠬᠢᠮ ᠠᠭᠤᠯᠵᠠᠯᠲᠠ ᠬᠢᠯ᠎ᠡ  | News.MN

ᠬ ∙ ᠪᠠᠲᠤᠲᠤᠯᠭ᠎ᠠ ᠡᠩᠬᠡ ᠶᠢ ᠰᠠᠬᠢᠭᠤᠯᠤᠭᠴᠢᠳ ᠲᠠᠢ ᠴᠠᠬᠢᠮ ᠠᠭᠤᠯᠵᠠᠯᠲᠠ ᠬᠢᠯ᠎ᠡ 

ᠮᠤᠩᠭᠤᠯ ᠤᠯᠤᠰ ᠤᠨ ᠶᠡᠷᠦᠩᠬᠡᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠤᠮᠠᠨᠳ᠋ᠯᠠᠭᠴᠢ ᠬ∙ ᠪᠠᠲᠤᠲᠤᠯᠭ᠎ᠠ ᠪᠦᠭᠦᠳᠡ ᠨᠠᠢᠷᠠᠮᠳᠠᠬᠤ ᠡᠮᠦᠨᠡᠳᠦ ᠰᠦᠳᠠᠨ ᠤᠯᠤᠰ ᠪᠤᠯᠤᠨ ᠢᠰᠯᠠᠮ  ᠤᠨ ᠪᠦᠭᠦᠳᠡ ᠨᠠᠢᠷᠠᠮᠳᠠᠬᠤ ᠠᠹᠭᠠᠨᠢᠰᠲ᠋ᠠᠨ  ᠤᠯᠤᠰ ᠲᠤ ᠡᠭᠦᠷᠭᠡ ᠭᠦᠢᠴᠡᠳᠭᠡᠵᠦ ᠪᠤᠢ ᠡᠩᠬᠡ ᠶᠢ ᠰᠠᠬᠢᠭᠤᠯᠤᠭᠴᠢᠳ ᠲᠠᠢ ᠦᠨᠦᠳᠦᠷ ᠴᠠᠬᠢᠮ ᠠᠭᠤᠯᠵᠠᠯᠲᠠ ᠬᠢᠯ᠎ᠡ᠃ ᠶᠡᠷᠦᠩᠬᠡᠶᠢᠯᠡᠭᠴᠢ ᠬᠠᠯᠲᠠᠮ᠎ᠠ ᠶᠢᠨ ᠪᠠᠲᠤᠲᠤᠯᠭ᠎ᠠ᠄ ᠴᠡᠷᠢᠭ ᠦᠨ ᠠᠯᠪᠠ ᠬᠠᠭᠠᠭᠴᠢ ᠲᠠ ᠪᠦᠬᠦᠨ ᠴᠠᠷ᠎ᠠ ᠲᠠᠬᠤᠯ ᠤᠨ ᠲᠤᠶᠢᠯ ᠤᠨ ᠬᠡᠴᠡᠭᠦᠦ᠂ ᠡᠷᠡᠰᠳᠡᠯ ᠲᠡᠢ ᠨᠥᠬᠥᠴᠡᠯ ᠳᠦ ᠡᠭᠦᠷᠭᠡ ᠪᠡᠨ ᠠᠮᠵᠢᠯᠲᠠ ᠲᠠᠢ ᠭᠦᠢᠴᠡᠳᠭᠡᠵᠦ  ᠪᠠᠢᠭ᠎ᠠ ᠳᠤ ᠵᠡᠪᠰᠡᠭᠲᠦ ᠬᠦᠴᠦᠨ ᠦ ᠶᠡᠷᠦᠩᠬᠡᠢ ᠺᠤᠮᠠᠨᠳ᠋ᠯᠠᠭᠴᠢ ᠪᠣᠯᠤᠨ ᠮᠣᠩᠭᠣᠯ ᠤᠨ ᠠᠷᠠᠳ ᠲᠦᠮᠡᠨ ᠦ ᠨᠡᠷ᠎ᠡ ᠶᠢᠨ ᠡᠮᠦᠨ᠎ᠡ ᠡᠴᠡ ᠲᠠᠯᠠᠷᠬᠠᠯ ᠢᠯᠡᠷᠬᠡᠶᠢᠯᠡᠶ᠎ᠡ᠃ ᠴᠡᠷᠢᠭ ᠦᠨ ᠠᠯᠪᠠ ᠬᠠᠭᠠᠭᠴᠢᠳ ᠲᠠ ᠪᠦᠬᠦᠨ ᠮᠣᠩᠭᠣᠯ ᠤᠯᠤᠰ ᠤᠨ ᠦᠨᠳᠦᠰᠦᠨ ᠦ ᠠᠶᠤᠯᠭᠦᠢ ᠪᠠᠶᠢᠳᠠᠯ ᠪᠣᠯᠤᠨ ᠣᠯᠠᠨ ᠲᠤᠯᠭᠠᠭᠤᠷᠢᠲᠤ ᠭᠠᠳᠠᠭᠠᠳᠤ ᠪᠣᠳᠣᠯᠭ᠎ᠠ ᠶᠢᠨ ᠰᠠᠯᠤᠰᠢ ᠦᠭᠡᠢ ᠨᠢᠭᠡ ᠬᠡᠰᠡᠭ ᠶᠤᠮ ᠰᠢᠦ᠃ ᠲᠠ ᠪᠦᠬᠦᠨ ᠦ ᠡᠭᠦᠷᠭᠡ ᠪᠡᠨ ᠠᠮᠵᠢᠯᠲᠠ ᠲᠠᠢ ᠪᠡᠶᠡᠯᠡᠭᠦᠯᠵᠦ ᠪᠠᠶᠢᠭ᠎ᠠ ᠡᠳᠦᠷ ᠪᠦᠷᠢ ᠪᠡᠷ ᠡᠬᠡ ᠣᠷᠣᠨ ᠤ ᠴᠢᠨᠢ  ᠠᠶᠤᠯᠭᠦᠢ ᠪᠠᠶᠢᠳᠠᠯ ᠪᠠᠲᠤᠯᠠᠭᠠᠵᠢᠵᠤ ᠪᠠᠶᠢᠨ᠎ᠠ ᠭᠡᠯ᠎ᠡ᠃

ᠮᠣᠩᠭᠣᠯ ᠤᠯᠤᠰ ᠤᠨ ᠵᠡᠪᠰᠡᠭᠲᠦ ᠬᠦᠴᠦᠨ 2002 ᠣᠨ ᠠᠴᠠ ᠡᠬᠢᠯᠡᠨ ᠳᠡᠯᠡᠬᠡᠢ ᠶᠢᠨ12 ᠤᠯᠤᠰ ᠣᠷᠣᠨ᠂ ᠪᠥᠰᠡ ᠨᠤᠲᠤᠭ ᠲᠤ ᠡᠭᠦᠷᠭᠡ ᠭᠦᠢᠴᠡᠳᠭᠡᠵᠦ ᠪᠠᠶᠢᠨ᠎ᠠ᠃ 2021 ᠣᠨ ᠤ ᠬᠣᠶᠠᠳᠤᠭᠠᠷ ᠰᠠᠷ᠎ᠠ ᠶᠢᠨ 01 ᠍ ᠦ ᠪᠠᠶᠢᠳᠠᠯ ᠢᠶᠠᠷ ᠨᠡᠶᠢᠲᠡ ᠳᠦ ᠪᠡᠨ 19300 ᠴᠡᠷᠢᠭ ᠦᠨ ᠠᠯᠪᠠ ᠬᠠᠭᠠᠭᠴᠢ ᠡᠭᠦᠷᠭᠡ ᠭᠦᠢᠴᠡᠳᠭᠡᠭᠡᠳ ᠪᠠᠶᠢᠨ᠎ᠠ᠃ 2006 ᠣᠨ ᠠᠴᠠ ᠬᠣᠶᠢᠰᠢ ᠮᠠᠨ ᠤ 700 ᠭᠠᠷᠤᠢ ᠡᠮᠡᠭᠲᠡᠢ ᠣᠹᠢᠼᠧᠷ᠂ ᠠᠬᠠᠯᠠᠭᠴᠢ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠡᠩᠬᠡ ᠶᠢ ᠰᠠᠬᠢᠭᠤᠯᠬᠤ ᠠᠵᠢᠯᠯᠠᠭᠠᠨ ᠳᠤ ᠱᠲ᠋ᠠᠪ ᠤᠨ ᠣᠹᠢᠼᠧᠷ᠂ ᠴᠡᠷᠢᠭ ᠦᠨ ᠠᠵᠢᠭᠯᠠᠭᠴᠢ ᠪᠣᠯᠤᠨ ᠴᠡᠷᠢᠭ ᠦᠨ ᠪᠠᠭ ᠲᠤ ᠡᠭᠦᠷᠭᠡ ᠭᠦᠢᠴᠡᠳᠭᠡᠭᠰᠡᠨ ᠪᠥᠭᠡᠳ ᠳᠡᠯᠡᠬᠡᠢ ᠶᠢᠨ 126 ᠤᠯᠤᠰ ᠠᠴᠠ ᠡᠮᠡᠭᠲᠡᠢ ᠡᠩᠬᠡ ᠶᠢ ᠰᠠᠬᠢᠭᠤᠯᠤᠭᠴᠢᠳ ᠤᠨ ᠲᠣᠭ᠎ᠠ ᠪᠠᠷ ᠢᠶᠠᠨ 17 ᠳ᠋ᠤᠭᠠᠷ ᠲᠤ ᠵᠢᠭᠰᠠᠵᠤ ᠪᠠᠶᠢᠨ᠎ᠠ᠃

ᠰᠡᠳᠬᠢᠭᠳᠡᠯ ᠦᠯᠡᠳᠡᠭᠡᠬᠦ