ᠬ ∙ ᠪᠠᠲᠤᠲᠤᠯᠭ᠎ᠠ ᠶᠢᠨ ᠣᠷᠣᠰ  ᠲᠤ ᠠᠢᠯᠴᠢᠯᠠᠨ᠎ᠠ | News.MN

ᠬ ∙ ᠪᠠᠲᠤᠲᠤᠯᠭ᠎ᠠ ᠶᠢᠨ ᠣᠷᠣᠰ  ᠲᠤ ᠠᠢᠯᠴᠢᠯᠠᠨ᠎ᠠ

 

ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠣᠷᠣᠰ ᠤᠨ ᠬᠣᠯᠪᠣᠭᠠᠨ ᠤ ᠤᠯᠤᠰ ᠲᠤ ᠠᠶᠢᠯᠴᠢᠯᠠᠯ ᠬᠢᠬᠦ ᠠᠰᠠᠭᠤᠳᠠᠯ ᠶᠠᠷᠢᠭᠳᠠᠵᠤ ᠡᠬᠢᠯᠡᠪᠡ᠃ ᠤᠭ ᠠᠶᠢᠯᠴᠢᠯᠠᠯ ᠨᠢ ᠭᠠᠳᠠᠭᠠᠳᠤ ᠬᠠᠷᠢᠯᠴᠠᠭᠠᠨ ᠤ ᠶᠠᠮᠤᠨ ᠤ ᠠᠶᠢᠯᠴᠢᠯᠠᠯ ᠤᠨ ᠲᠥᠯᠦᠪᠯᠡᠭᠡᠨ ᠳᠦ ᠣᠷᠣᠭᠰᠠᠨ ᠠᠵᠠᠢ᠃ ᠣᠳᠣ ᠪᠠᠷ ᠲᠠᠯ᠎ᠠ ᠨᠤᠭᠤᠳ ᠠᠶᠢᠯᠴᠢᠯᠠᠯ ᠤᠨ ᠪᠡᠯᠡᠳᠬᠡᠯ ᠢ ᠬᠠᠩᠭᠠᠵᠤ ᠪᠠᠶᠢᠭ᠎ᠠ ᠪᠥᠭᠡᠳ ᠴᠠᠭ ᠨᠢ ᠲᠣᠭᠲᠠᠭ᠎ᠠ ᠦᠭᠡᠢ ᠪᠠᠶᠢᠭ᠎ᠠ ᠶᠤᠮ ᠪᠠᠶᠢᠨ᠎ᠠ᠃
ᠭᠠᠳᠠᠭᠠᠳᠤ ᠬᠠᠷᠢᠯᠴᠠᠭᠠᠨ ᠤ ᠰᠠᠶᠢᠳ ᠪᠠᠢᠭᠰᠠᠨ ᠨ ∙ ᠡᠩᠬᠡᠲᠠᠶᠢᠪᠤᠩ 2020 ᠣᠨ ᠤ ᠶᠢᠰᠦᠳᠦᠭᠡᠷ ᠰᠠᠷ᠎ᠠ ᠶᠢᠨ 21 ᠍ ᠳᠦ ᠣᠷᠣᠰ  ᠲᠤ ᠠᠯᠪᠠᠨ ᠶᠣᠰᠣᠨ ᠤ ᠠᠶᠢᠯᠴᠢᠯᠠᠯ ᠬᠢᠵᠤ᠂ ᠭᠠᠳᠠᠭᠠᠳᠤ ᠬᠡᠷᠡᠭ ᠦᠨ ᠰᠠᠶᠢᠳ ᠰ ∙ ᠸ ∙ ᠯᠠᠪᠷᠤᠸ᠋ ᠲᠠᠢ ᠨᠢ ᠠᠯᠪᠠᠨ ᠶᠣᠰᠣᠨ ᠤ ᠬᠡᠯᠡᠯᠴᠡᠭᠡ ᠬᠢᠭᠰᠡᠨ᠃ ᠡᠨᠡ ᠦᠶ᠎ᠡ ᠪᠡᠷ ᠲᠡᠳᠡ ᠮᠣᠩᠭᠣᠯ ᠂ ᠣᠷᠣᠰ  ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 100 ᠵᠢᠯ ᠦᠨ ᠣᠢ ᠶᠢ 2021 ᠣᠨ ᠳᠤ  ᠦᠷᠭᠡᠨ ᠬᠦᠷᠢᠶᠡᠨ ᠳᠦ ᠶᠣᠰᠣᠯᠠᠯ ᠲᠡᠭᠦᠯᠳᠡᠷ ᠲᠡᠮᠳᠡᠭᠯᠡᠬᠦ ᠨᠢ ᠵᠦᠢᠲᠡᠢ ᠭᠡᠵᠦ ᠦᠵᠡᠨ᠂ ᠲᠡᠦᠬᠡᠨ ᠣᠢ ᠶᠢ ᠬᠠᠮᠲᠤᠷᠠᠨ ᠲᠡᠮᠳᠡᠭᠯᠡᠬᠦ ᠲᠥᠯᠥᠪᠯᠡᠭᠡ ᠭᠠᠷᠭᠠᠭᠰᠠᠨ ᠪᠠ 2021 ᠣᠨ ᠳᠤ ᠬᠣᠶᠠᠷ ᠲᠠᠯ᠎ᠠ ᠠᠴᠠ ᠥᠨᠳᠥᠷ᠂ ᠳᠡᠭᠡᠳᠦ ᠲᠦᠪᠰᠢᠨ ᠦ ᠠᠶᠢᠯᠴᠢᠯᠠᠯ ᠬᠡᠷᠡᠭᠵᠢᠭᠦᠯᠬᠦ ᠲᠠᠯ᠎ᠠ ᠪᠠᠷ ᠶᠠᠷᠢᠯᠴᠠᠵᠤ᠂ ᠲᠣᠳᠣᠷᠬᠠᠢ ᠣᠶᠢᠯᠠᠭᠠᠯᠴᠠᠯ ᠳᠤ ᠬᠦᠷᠦᠭᠰᠡᠨ ᠲᠠᠯ᠎ᠠ ᠪᠠᠷ ᠠᠯᠪᠠᠨ ᠶᠣᠰᠣᠭᠠᠷ ᠮᠡᠳᠡᠭᠡᠯᠡᠵᠦ ᠪᠠᠶᠢᠪᠠ᠃

ᠰᠡᠳᠬᠢᠭᠳᠡᠯ ᠦᠯᠡᠳᠡᠭᠡᠬᠦ