ᠪᠦᠭᠦᠳᠡ ᠨᠠᠶᠢᠷᠠᠮᠳᠠᠬᠤ ᠡᠨᠡᠳᠬᠡᠭ ᠤᠯᠤᠰ ᠤᠨ ᠵᠠᠰᠠᠭ ᠤᠨ ᠭᠠᠵᠠᠷ ᠠᠴᠠ ᠮᠠᠨ ᠤ ᠤᠯᠤᠰ ᠲᠤ ᠦᠪᠡᠷ ᠦᠨ ᠦᠢᠯᠡᠳᠪᠦᠷᠢᠯᠡᠭᠰᠡᠨ AstraZeneca ᠺᠣᠮᠫᠠᠨᠢ ᠶᠢᠨ Covishield ᠸᠠᠺᠼᠢᠨ ᠤ 150 ᠮᠢᠩᠭᠠᠨ ᠲᠤᠩ ᠢ ᠥᠨᠥᠳᠥᠷ ᠬᠦᠯᠢᠶᠡᠯᠭᠡᠨ ᠥᠭᠭᠦᠭᠰᠡᠨ᠃ ᠡᠨᠡ ᠦᠶ᠎ᠡ ᠪᠡᠷ ᠡᠨᠡᠳᠬᠡᠭ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠮ ∙ ᠫ ∙ ᠰᠢᠩᠾ᠄ ᠡᠨᠡᠳᠬᠡᠭ ᠤᠯᠤᠰ ᠨᠢ COVID-19 ᠍ ᠦᠨ ᠡᠰᠡᠷᠭᠦ ᠸᠠᠺᠼᠢᠨ ᠢ ᠪᠢᠳᠡᠨ ᠦ ᠣᠶᠤᠨ ᠰᠠᠨᠠᠭᠠᠨ ᠤ ᠬᠥᠷᠰᠢ᠂ ᠰᠲᠷᠠᠲ᠋ᠧᠭᠢ ᠶᠢᠨ ᠲᠦᠩᠰᠢ ᠪᠣᠯᠬᠤ ᠮᠣᠩᠭᠣᠯ ᠤᠯᠤᠰ ᠲᠤ ᠥᠭᠴᠦ ᠪᠠᠶᠢᠭ᠎ᠠ ᠠᠩᠬᠠᠨ ᠤ ᠤᠯᠤᠰ ᠪᠣᠯᠵᠤ ᠪᠠᠶᠢᠭ᠎ᠠ ᠳᠤ ᠪᠠᠨ ᠪᠠᠶᠠᠷᠲᠠᠢ ᠪᠠᠶᠢᠨ᠎ᠠ᠃
ᠮᠣᠩᠭᠣᠯ ᠤᠯᠤᠰ ᠲᠤ ᠡᠬᠢᠯᠡᠬᠦ ᠭᠡᠵᠦ ᠪᠠᠶᠢᠭ᠎ᠠ ᠸᠠᠺᠼᠢᠨᠵᠢᠭᠤᠯᠤᠯᠲᠠ ᠶᠢᠨ ᠬᠥᠲᠥᠯᠪᠦᠷᠢ ᠨᠢ ᠲᠤᠰ ᠤᠯᠤᠰ ᠲᠤ ᠱᠠᠭᠠᠷᠳᠠᠯᠭ᠎ᠠ ᠲᠠᠢ ᠡᠷᠡᠭᠦᠯ ᠮᠡᠨᠳᠦ ᠶᠢᠨ ᠠᠶᠤᠯᠭᠦᠢ ᠪᠠᠶᠢᠳᠠᠯ ᠢ ᠬᠠᠩᠭᠠᠵᠤ᠂ ᠡᠷᠡᠭᠦᠯ ᠮᠡᠨᠳᠦ ᠶᠢᠨ ᠰᠠᠯᠪᠤᠷᠢ ᠶᠢᠨ ᠠᠵᠢᠯᠲᠠᠳ ᠪᠣᠯᠤᠨ ᠴᠠᠭᠳᠠᠭ᠎ᠠ᠂ ᠣᠨᠴᠠᠭᠠᠢ ᠪᠠᠶᠢᠳᠠᠯ᠂ ᠬᠢᠯᠢ ᠬᠠᠮᠠᠭᠠᠯᠠᠬᠤ᠂ ᠭᠠᠶᠢᠯᠢ᠂ ᠮᠡᠷᠭᠡᠵᠢᠯ ᠦᠨ ᠬᠢᠨᠠᠯᠲᠠ ᠶᠢᠨ ᠪᠠᠶᠢᠭᠤᠯᠤᠯᠭ᠎ᠠ ᠭᠡᠰᠡᠨ ᠣᠯᠠᠨ ᠰᠠᠯᠪᠤᠷᠢ ᠠᠴᠠ ᠳᠠᠶᠢᠴᠢᠯᠠᠨ ᠠᠵᠢᠯᠯᠠᠵᠤ ᠪᠠᠶᠢᠭ᠎ᠠ ᠵᠣᠷᠢᠯᠲᠠᠲᠤ ᠪᠦᠯᠦᠭ ᠦᠨ ᠠᠵᠢᠯᠴᠢᠳ ᠤᠨ ᠠᠶᠤᠯᠭᠦᠢ ᠪᠠᠶᠢᠳᠠᠯ ᠢ ᠪᠡᠬᠢᠵᠢᠭᠦᠯᠵᠦ᠂ ᠮᠣᠩᠭᠣᠯ ᠤᠨ ᠡᠳ᠋ ᠍ ᠦᠨ ᠵᠠᠰᠠᠭ ᠢ ᠬᠡᠪ ᠦᠨ ᠥᠰᠦᠯᠲᠡ ᠳᠤ ᠣᠷᠣᠭᠤᠯᠬᠤ ᠳᠤ ᠬᠤᠪᠢ ᠨᠡᠮᠡᠷᠢ ᠣᠷᠣᠭᠤᠯᠤᠨ᠎ᠠ ᠭᠡᠳᠡᠭ ᠲᠦ ᠨᠠᠶᠢᠳᠠᠵᠤ ᠪᠠᠶᠢᠨ᠎ᠠ᠃ ᠥᠨᠥᠳᠥᠷ ᠪᠡᠯᠡᠭᠯᠡᠭᠰᠡᠨ ᠲᠤᠩ ᠠᠴᠠ ᠭᠠᠳᠠᠨ᠎ᠠ ᠨᠡᠮᠡᠯᠲᠡ ᠬᠠᠩᠭᠠᠮᠵᠢ ᠶᠢ ᠠᠷᠠᠯᠵᠢᠶᠠᠨ ᠤ ᠱᠤᠭᠤᠮ ᠢᠶᠠᠷ ᠬᠤᠳᠠᠯᠳᠤᠨ ᠠᠪᠬᠤ ᠳᠤ ᠨᠢ ᠲᠤᠰᠠᠯᠠᠬᠤ ᠳᠤ ᠪᠡᠯᠡᠨ ᠭᠡᠯᠡ᠃