ᠯᠣᠨᠳᠣᠨ ᠳᠤ ᠲᠥᠪ ᠲᠡᠢ᠂ ᠳᠡᠯᠡᠬᠡᠢ ᠶᠢᠨ ᠪᠠᠩᠬᠢ ᠰᠠᠩᠬᠦᠦ ᠶᠢᠨ ᠰᠠᠯᠪᠤᠷᠢ ᠶᠢᠨ ᠬᠥᠭᠵᠢᠯ ᠦᠨ ᠲᠦᠪᠰᠢᠨ᠂ ᠬᠠᠨᠳᠤᠯᠭ᠎ᠠ ᠶᠢ ᠲᠣᠳᠣᠷᠬᠠᠶᠢᠯᠠᠭᠴᠢ The Banker ᠰᠡᠳᠬᠦᠯ 2020 ᠣᠨ ᠤ︽ᠮᠣᠩᠭᠣᠯ ᠤᠯᠤᠰ ᠤᠨ ᠰᠢᠯᠢᠳᠡᠭ ᠪᠠᠩᠬᠢ︾ ᠪᠠᠷ ᠬᠠᠭᠠᠨ ᠪᠠᠩᠬᠢ ᠶᠢ ᠨᠡᠷᠡᠯᠡᠯ᠎ᠡ᠃
ᠳᠡᠯᠡᠬᠡᠢ ᠨᠡᠶᠢᠲᠡ ᠪᠡᠷ ᠲᠠᠬᠤᠯ ᠲᠠᠢ ᠲᠡᠮᠡᠴᠡᠵᠦ ᠪᠤᠢ ᠡᠨᠡ ᠬᠦᠨᠳᠦ ᠦᠶ᠎ᠡ ᠳᠦ ᠬᠠᠭᠠᠨ ᠪᠠᠩᠬᠢ ᠵᠠᠶᠢᠨ ᠠᠴᠠ ᠪᠠᠩᠬᠢᠨ ᠤ ᠪᠦᠬᠦ ᠲᠥᠷᠥᠯ ᠦᠨ ᠦᠢᠯᠡᠴᠢᠯᠡᠭᠡ ᠶᠢ ᠠᠮᠠᠷ ᠬᠢᠯᠪᠠᠷ᠂ ᠬᠤᠷᠳᠤᠨ ᠰᠢᠭᠤᠷᠬᠠᠢ ᠠᠪᠬᠤ ᠪᠣᠯᠤᠮᠵᠢ ᠶᠢ ᠪᠦᠷᠢᠳᠦᠭᠦᠯᠦᠨ ᠬᠠᠷᠢᠯᠴᠠᠭᠴᠢᠳ ᠪᠣᠯᠤᠨ ᠠᠵᠢᠯᠲᠠᠳ ᠤᠨ ᠢᠶᠠᠨ ᠠᠶᠤᠯᠭᠦᠢ ᠪᠠᠶᠢᠳᠠᠯ ᠢ ᠬᠠᠩᠭᠠᠨ ᠠᠵᠢᠯᠯᠠᠵᠤ ᠪᠠᠶᠢᠭ᠎ᠠ ᠪᠢᠯᠡ᠃ ᠡᠨᠡ ᠨᠢ ᠴᠠᠬᠢᠮ ᠰᠢᠯᠵᠢᠯᠲᠡ ᠳᠦ ᠪᠡᠯᠡᠳᠬᠡᠨ ᠰᠡᠭᠦᠯ ᠦᠨ ᠵᠢᠯ ᠦᠳ ᠲᠦ ᠠᠪᠴᠤ ᠬᠡᠷᠡᠭᠵᠢᠭᠦᠯᠦᠭᠰᠡᠨ ᠲᠣᠮᠣᠬᠠᠨ ᠠᠵᠢᠯ ᠤᠨ ᠦᠷ᠎ᠡ ᠳ᠋ᠦᠩ ᠪᠥᠭᠡᠳ ᠥᠨᠥᠳᠥᠷ ᠦᠨ ᠪᠠᠶᠢᠳᠠᠯ ᠢᠶᠠᠷ ᠬᠠᠭᠠᠨ ᠪᠠᠩᠬᠢ ᠪᠠᠷ ᠳᠠᠮᠵᠢᠵᠤ ᠪᠤᠢ ᠨᠡᠶᠢᠲᠡ ᠭᠦᠢᠯᠭᠡᠭᠡᠨ ᠦ 97 ᠬᠤᠪᠢ ᠨᠢ ᠴᠠᠬᠢᠮ ᠢᠶᠠᠷ ᠬᠢᠭᠳᠡᠵᠦ ᠪᠠᠶᠢᠨ᠎ᠠ᠃ ᠲᠡᠭᠡᠪᠡᠯ ᠴᠠᠬᠢᠮ ᠪᠠᠩᠬᠢᠨ ᠤ ᠦᠢᠯᠡᠴᠢᠯᠡᠭᠡ᠂ ᠰᠠᠩᠬᠦᠦ ᠶᠢᠨ ᠬᠦᠴᠦᠷᠬᠡᠭ ᠦᠵᠡᠭᠦᠯᠦᠯᠲᠡ ᠨᠦᠭᠦᠳ᠂ ᠨᠠᠶᠢᠳᠠᠪᠤᠷᠢᠲᠠᠢ ᠲᠣᠭᠲᠠᠪᠤᠷᠢᠲᠠᠢ ᠦᠢᠯᠡ ᠠᠵᠢᠯᠯᠠᠭ᠎ᠠ ᠶᠢ ᠦᠨᠡᠯᠡᠨ The Banker ᠰᠡᠳᠬᠦᠯ ᠰᠢᠯᠢᠳᠡᠭ ᠢᠶᠡᠷ ᠲᠣᠳᠣᠷᠠᠭᠤᠯᠤᠭᠰᠠᠨ ᠢᠶᠠᠨ ᠣᠨᠴᠠᠯᠠᠵᠤ ᠪᠠᠶᠢᠨ᠎ᠠ᠃