︽ᠳᠤᠮᠳᠠᠭᠤᠪᠢ ᠬᠥᠭᠵᠢᠨ᠎ᠡ︾ ᠴᠠᠬᠢᠮ ᠬᠡᠯᠡᠯᠴᠡᠭᠦᠯᠭᠡ ᠶᠢ ᠵᠣᠬᠢᠶᠠᠨ ᠪᠠᠶᠢᠭᠤᠯᠤᠯ᠎ᠠ  | News.MN

︽ᠳᠤᠮᠳᠠᠭᠤᠪᠢ ᠬᠥᠭᠵᠢᠨ᠎ᠡ︾ ᠴᠠᠬᠢᠮ ᠬᠡᠯᠡᠯᠴᠡᠭᠦᠯᠭᠡ ᠶᠢ ᠵᠣᠬᠢᠶᠠᠨ ᠪᠠᠶᠢᠭᠤᠯᠤᠯ᠎ᠠ 

 

ᠳᠤᠮᠳᠠᠭᠤᠪᠢ ᠠᠶᠢᠮᠠᠭ ᠤᠨ ᠤᠤᠭᠠᠯ ᠵᠠᠯᠠᠭᠤᠴᠤᠳ ᠤᠨ ᠰᠠᠨᠠᠭᠠᠴᠢᠯᠠᠭ᠎ᠠ ᠪᠠᠷ︽ᠳᠤᠮᠳᠠᠭᠤᠪᠢ ᠬᠥᠭᠵᠢᠯ︾ ᠰᠡᠳᠦᠪ ᠦᠨ ᠬᠦᠷᠢᠶᠡᠨ ᠳᠦ ᠠᠶᠢᠮᠠᠭ ᠤᠨ ᠤᠳᠤᠷᠢᠳᠤᠯᠭ᠎ᠠ ᠨᠠᠷ᠂ ᠨᠤᠲᠤᠭ ᠤᠨ ᠢᠷᠭᠡᠳ᠂ ᠵᠠᠯᠠᠭᠤᠴᠤᠳ ᠣᠷᠣᠯᠴᠠᠭᠰᠠᠨ ᠬᠡᠯᠡᠯᠴᠡᠭᠦᠯᠭᠡ ᠡᠨᠡ ᠰᠠᠷ᠎ᠠ ᠶᠢᠨ 18 ᠍ ᠤ ᠡᠳᠦᠷ ᠴᠠᠬᠢᠮ ᠢᠶᠠᠷ ᠪᠣᠯᠤᠯ᠎ᠠ᠃ ᠳᠤᠮᠳᠠᠭᠤᠪᠢ ᠨᠤᠲᠤᠭ ᠢᠶᠠᠨ ᠭᠡᠰᠡᠨ ᠰᠡᠳᠬᠢᠯ ᠲᠡᠢ ᠮᠠᠰᠢ ᠣᠯᠠᠨ ᠬᠦᠮᠦᠨ ᠬᠣᠯᠪᠣᠭᠳᠠᠨ ᠣᠷᠣᠯᠴᠠᠵᠤ᠂ ᠬᠡᠯᠡᠯᠴᠡᠭᠦᠯᠭᠡ ᠲᠠᠪᠤᠨ ᠴᠠᠭ ᠭᠠᠷᠤᠢ ᠦᠷᠭᠦᠯᠵᠢᠯᠡᠨ ᠶᠠᠷᠢᠯᠴᠠᠯᠭ᠎ᠠ ᠥᠷᠨᠢᠭᠦᠯᠵᠡᠢ᠃
ᠲᠤᠰ ᠬᠡᠯᠡᠯᠴᠡᠭᠦᠯᠭᠡ ᠶᠢᠨ ᠦᠶ᠎ᠡ ᠪᠡᠷ ᠠᠶᠢᠮᠠᠭ ᠤᠨ ᠵᠠᠰᠠᠭ ᠳᠠᠷᠤᠭ᠎ᠠ ᠶᠢᠨ 2021-2025 ᠣᠨ ᠤ ᠦᠢᠯᠡ ᠠᠵᠢᠯᠯᠠᠭᠠᠨ ᠤ ᠲᠥᠯᠦᠪᠯᠡᠭᠡᠨ ᠦ ᠲᠣᠪᠴᠢ ᠲᠠᠨᠢᠯᠴᠠᠭᠤᠯᠭ᠎ᠠ᠂ ᠬᠥᠭᠵᠢᠯ ᠦᠨ ᠳᠤᠮᠳᠠ ᠬᠤᠭᠤᠴᠠᠭᠠᠨ ᠤ ᠪᠣᠳᠣᠯᠭ᠎ᠠ᠂ ᠲᠡᠷᠢᠭᠦᠯᠡᠬᠦ ᠴᠢᠭᠯᠡᠯ ᠦᠨ ᠮᠡᠳᠡᠭᠡᠯᠡᠯ ᠬᠢᠵᠦ᠂ ᠢᠷᠭᠡᠳ ᠤᠳᠤᠷᠢᠳᠤᠯᠭ᠎ᠠ ᠨᠠᠷ ᠠᠴᠠ ᠬᠦᠰᠡᠭᠰᠡᠨ ᠠᠰᠠᠭᠤᠯᠲᠠ ᠪᠠᠨ ᠠᠰᠠᠭᠤᠵᠤ᠂ ᠰᠠᠨᠠᠯ ᠬᠡᠯᠡᠵᠦ᠂ ᠬᠠᠷᠢᠭᠤᠯᠲᠠ ᠨᠤᠭᠤᠳ ᠢ ᠳᠣᠣᠷ᠎ᠠ ᠪᠦᠷ ᠨᠢ ᠠᠪᠴᠤ ᠪᠠᠶᠢᠯ᠎ᠠ᠃ ᠳᠤᠮᠳᠠᠭᠤᠪᠢ ᠠᠶᠢᠮᠠᠭ ᠢᠷᠡᠬᠦ ᠳᠥᠷᠪᠡᠨ ᠵᠢᠯ ᠳᠦ ᠤᠰᠤᠨ ᠪᠠᠰᠰᠧᠢᠨ ᠪᠦᠬᠦᠢ ᠴᠣᠭᠴᠠᠯᠠᠪᠤᠷᠢ ᠪᠠᠷᠢᠬᠤ᠂ ᠠᠭᠤᠯᠠ ᠠᠭᠤᠷᠬᠠᠢ ᠳᠤ ᠲᠦᠰᠢᠭᠯᠡᠵᠦ︽ᠳᠤᠮᠳᠠᠭᠤᠪᠢ ᠬᠥᠭᠵᠢᠨ᠎ᠡ︾ᠪᠠᠶᠠᠯᠢᠭ ᠤᠨ ᠰᠠᠩ ᠢ ᠪᠠᠶᠢᠭᠤᠯᠵᠤ᠂ ᠲᠥᠷᠥ ᠶᠢᠨ ᠠᠯᠪᠠᠨ ᠬᠠᠭᠠᠭᠴᠢᠳ ᠤᠨ ᠨᠡᠶᠢᠭᠡᠮ ᠤᠨ ᠠᠰᠠᠭᠤᠳᠠᠯ ᠢ ᠳᠡᠮᠵᠢᠬᠦ᠂ ᠵᠢᠯ ᠦᠨ ᠳᠥᠷᠪᠡᠨ ᠤᠯᠠᠷᠢᠯ ᠳᠤ ᠠᠵᠢᠯᠯᠠᠬᠤ᠂ ᠴᠠᠨ᠎ᠠ ᠶᠢᠨ ᠪᠠᠭᠠᠽ ᠪᠦᠬᠦᠢ︽ᠮᠠᠨᠳᠠᠯᠭᠣᠪᠢ ᠴᠡᠴᠡᠷᠯᠢᠭᠲᠦ ᠬᠦᠷᠢᠶᠡᠯᠡᠩ︾ᠪᠠᠶᠢᠭᠤᠯᠬᠤ᠂ ᠵᠢᠵᠢᠭ ᠳᠤᠮᠳᠠ ᠪᠢᠽᠢᠨᠧᠰ ᠢ ᠳᠡᠮᠵᠢᠬᠦ ᠲᠥᠪ ᠪᠠᠶᠢᠭᠤᠯᠬᠤ᠂ ᠳᠤᠯᠠᠭᠠᠨ ᠤ ᠴᠠᠬᠢᠯᠭᠠᠨ ᠰᠲ᠋ᠠᠨᠼ ᠪᠠᠷᠢᠬᠤ ᠭᠡᠬᠦ ᠮᠡᠲᠦ ᠪᠦᠲᠦᠭᠡᠨ ᠪᠠᠶᠢᠭᠤᠯᠤᠯᠲᠠ ᠶᠢᠨ ᠣᠯᠠᠨ ᠠᠵᠢᠯ ᠢ ᠬᠡᠷᠡᠭᠵᠢᠭᠦᠯᠬᠦ ᠪᠡᠷ ᠶᠠᠷᠢᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ