ᠵᠢᠷᠭᠤᠭᠠᠨ ᠬᠤᠪᠢ ᠶᠢᠨ ᠬᠦᠦ ᠲᠡᠢ ᠢᠫᠣᠲ᠋ᠧᠺ ᠤᠨ ᠬᠥᠲᠥᠯᠪᠦᠷᠢ ᠬᠡᠷᠡᠭᠵᠢᠭᠦᠯᠦᠨ᠎ᠡ  | News.MN

ᠵᠢᠷᠭᠤᠭᠠᠨ ᠬᠤᠪᠢ ᠶᠢᠨ ᠬᠦᠦ ᠲᠡᠢ ᠢᠫᠣᠲ᠋ᠧᠺ ᠤᠨ ᠬᠥᠲᠥᠯᠪᠦᠷᠢ ᠬᠡᠷᠡᠭᠵᠢᠭᠦᠯᠦᠨ᠎ᠡ 

ᠰᠠᠩ ᠤᠨ ᠰᠠᠶᠢᠳ᠂ ᠪᠠᠷᠢᠯᠭ᠎ᠠ ᠬᠣᠲᠠ ᠪᠠᠶᠢᠭᠤᠯᠤᠯᠲᠠ ᠶᠢᠨ ᠰᠠᠶᠢᠳ ᠨᠠᠷ ᠥᠨᠥᠳᠥᠷ ᠠᠭᠤᠯᠵᠠᠵᠤ ᠵᠠᠰᠠᠭ ᠤᠨ ᠭᠠᠵᠠᠷ ᠠᠴᠠ ᠲᠠᠨᠢᠯᠴᠠᠭᠤᠯᠤᠭᠰᠠᠨ︽ᠡᠷᠡᠭᠦᠯ ᠮᠡᠨᠳᠦ ᠪᠡᠨ ᠬᠠᠮᠠᠭᠠᠯᠠᠵᠤ᠂ ᠡᠳ᠋ ᠍ ᠦᠨ ᠵᠠᠰᠠᠭ ᠢᠶᠠᠨ ᠰᠡᠷᠭᠦᠭᠡᠬᠦ 10 ᠶᠡᠬᠡ ᠨᠠᠶᠤᠳ ᠴᠣᠭᠴᠠ ᠲᠥᠯᠥᠪᠯᠡᠭᠡ︾ ᠶᠢᠨ ᠲᠠᠯ᠎ᠠ ᠪᠠᠷ ᠬᠡᠯᠡᠯᠴᠡᠵᠡᠢ᠃
ᠲᠤᠬᠠᠢᠯᠠᠪᠠᠯ ᠢᠷᠭᠡᠳ ᠢ ᠳᠡᠮᠵᠢᠬᠦ ᠴᠢᠭᠯᠡᠯ ᠢᠶᠡᠷ ᠬᠣᠶᠠᠷ ᠶᠡᠬᠡ ᠨᠠᠶᠤᠳ ᠲᠥᠭᠥᠷᠢᠭ ᠦᠨ ᠰᠠᠩᠬᠦᠦᠵᠢᠯᠲᠡ ᠪᠦᠬᠦᠢ ᠢᠫᠣᠲ᠋ᠧᠺ ᠤᠨ ᠵᠢᠷᠭᠤᠭᠠᠨ ᠬᠤᠪᠢ ᠶᠢᠨ ᠬᠦᠦ ᠲᠡᠢ ᠵᠢᠭᠡᠯᠡ ᠶᠢᠨ ᠬᠥᠲᠥᠯᠪᠦᠷᠢ ᠶᠢ ᠲᠣᠭᠲᠠᠪᠤᠷᠢᠲᠠᠢ ᠬᠡᠷᠡᠭᠵᠢᠭᠦᠯᠬᠦ ᠪᠡᠷ ᠲᠥᠯᠥᠪᠯᠡᠵᠡᠢ᠃ ᠮᠥᠨ ᠨᠢᠭᠡ ᠶᠡᠬᠡ ᠨᠠᠶᠤᠳ ᠲᠥᠭᠥᠷᠢᠭ ᠢᠶᠡᠷ ᠪᠠᠷᠢᠯᠭ᠎ᠠ ᠶᠢᠨ ᠰᠠᠯᠪᠤᠷᠢ ᠶᠢ ᠳᠡᠮᠵᠢᠬᠦ ᠴᠢᠭᠯᠡᠯ ᠢᠶᠡᠷ︽ᠵᠠᠯᠠᠭᠤᠰ︾ᠬᠣᠷᠢᠶᠠᠯᠠᠯ ᠤᠨ ᠪᠦᠲᠦᠭᠡᠨ ᠪᠠᠢᠭᠤᠯᠤᠯᠲᠠ ᠶᠢᠨ ᠲᠥᠰᠥᠯ᠂ ᠴᠢᠨᠠᠭᠰᠢᠳᠠ ᠣᠷᠣᠨ ᠳᠠᠶᠠᠭᠠᠷ ᠣᠷᠣᠨ ᠰᠠᠭᠤᠴᠠᠵᠢᠭᠤᠯᠬᠤ ᠠᠵᠢᠯ ᠤᠨ ᠲᠥᠯᠥᠪᠯᠡᠯᠲᠡ ᠬᠢᠬᠦ ᠵᠡᠷᠭᠡ ᠠᠰᠠᠭᠤᠳᠠᠯ ᠤᠳ ᠢ ᠬᠡᠯᠡᠯᠴᠡᠭᠰᠡᠨ ᠪᠠᠶᠢᠨ᠎ᠠ᠃

ᠰᠡᠳᠬᠢᠭᠳᠡᠯ ᠦᠯᠡᠳᠡᠭᠡᠬᠦ