ᠰᠠᠩᠬᠦᠦ ᠶᠢᠨ ᠰᠠᠯᠪᠤᠷᠢ ᠶᠢᠨ 2020 ᠣᠨ ᠤ ᠵᠢᠯ ᠦᠨ ᠡᠴᠦᠰ ᠦᠨ ᠲᠣᠶᠢᠮᠣ ᠮᠡᠳᠡᠭᠡᠯᠡᠯ ᠢ ᠰᠠᠩᠬᠦᠦ ᠶᠢᠨ ᠵᠣᠬᠢᠴᠠᠭᠤᠯᠬᠤ ᠬᠣᠷᠢᠶ᠎ᠠ ᠥᠨᠥᠳᠥᠷ ᠲᠠᠨᠢᠯᠴᠠᠭᠤᠯᠤᠯ᠎ᠠ᠃ ᠥᠨᠥᠳᠥᠷ ᠦᠨ ᠪᠠᠶᠢᠳᠠᠯ ᠢᠶᠠᠷ 532 ᠪᠠᠩᠬᠢ ᠪᠤᠰᠤ ᠰᠠᠩᠬᠦᠦ ᠶᠢᠨ ᠪᠠᠶᠢᠭᠤᠯᠤᠯᠭ᠎ᠠ ᠦᠢᠯᠡ ᠠᠵᠢᠯᠯᠠᠭ᠎ᠠ ᠶᠠᠪᠤᠭᠤᠯᠵᠤ ᠪᠠᠶᠢᠨ᠎ᠠ᠃ ᠡᠳᠡᠭᠡᠷ ᠦᠨ ᠬᠥᠷᠥᠩᠭᠡ ᠶᠢᠨ ᠬᠡᠮᠵᠢᠶ᠎ᠡ ᠬᠣᠶᠠᠷ ᠶᠡᠬᠡ ᠨᠠᠶᠤᠳ ᠲᠥᠭᠥᠷᠢᠭ ᠬᠦᠷᠴᠦ᠂ ᠡᠮᠦᠨᠡᠬᠢ ᠣᠨ ᠠᠴᠠ 16 ᠬᠤᠪᠢ ᠪᠠᠷ ᠥᠰᠴᠠᠢ᠃ ᠵᠢᠭᠡᠯᠡ ᠶᠢᠨ ᠦᠯᠡᠳᠡᠭᠳᠡᠯ ᠨᠢ 1.3 ᠶᠡᠬᠡ ᠨᠠᠶᠤᠳ ᠲᠥᠭᠥᠷᠢᠭ ᠲᠦ ᠬᠦᠷᠦᠭᠰᠡᠨ ᠪᠠᠶᠢᠨ᠎ᠠ᠃ ᠡᠭᠦᠨ ᠦ 85.2 ᠬᠤᠪᠢ ᠶᠢ ᠢᠷᠭᠡᠳ ᠦᠨ ᠵᠢᠭᠡᠯᠡ᠂ 14.8 ᠬᠤᠪᠢ ᠶᠢ ᠬᠠᠤᠯᠢ ᠶᠢᠨ ᠡᠲᠡᠭᠡᠳ ᠦᠨ ᠵᠢᠭᠡᠯᠡ ᠶᠢᠨ ᠦᠯᠡᠳᠡᠭᠳᠡᠯ ᠪᠦᠷᠢᠳᠦᠭᠦᠯᠵᠡᠢ᠃
ᠵᠢᠭᠡᠯᠡᠳᠦᠭᠴᠢᠳ ᠦᠨ ᠲᠣᠭ᠎ᠠ ᠡᠮᠦᠨᠡᠬᠢ ᠣᠨ ᠠᠴᠠ 1.9 ᠳᠠᠬᠢᠨ ᠨᠡᠮᠡᠭᠳᠡᠵᠦ 788 ᠮᠢᠩᠭ᠎ᠠ ᠳᠤ ᠬᠦᠷᠦᠭᠰᠡᠨ ᠪᠣᠯ ᠨᠡᠶᠢᠲᠡ ᠬᠠᠷᠢᠯᠴᠠᠭᠴᠢᠳ ᠤᠨ ᠲᠣᠭ᠎ᠠ 2.8 ᠰᠠᠶ᠎ᠠ ᠪᠠᠶᠢᠨ᠎ᠠ᠃ ᠵᠢᠭᠡᠯᠡ ᠶᠢᠨ ᠦᠢᠯᠡᠴᠢᠯᠡᠭᠡᠨ ᠦ ᠬᠦᠷᠲᠡᠭᠡᠮᠵᠢ ᠶᠢᠨ ᠡᠨᠡ ᠥᠰᠦᠯᠲᠡ ᠨᠢ ᠵᠢᠭᠡᠯᠡ ᠶᠢᠨ ᠨᠡᠶᠢᠯᠡᠭᠦᠯᠦᠯᠲᠡ ᠡᠴᠡ ᠭᠠᠳᠠᠨ᠎ᠠ ᠲᠧᠭᠨᠣᠯᠣᠭᠢ ᠳᠤ ᠰᠠᠭᠤᠷᠢᠯᠠᠭᠰᠠᠨ ᠰᠠᠩᠬᠦᠦ ᠶᠢᠨ ᠪᠦᠲᠦᠭᠡᠭᠳᠡᠬᠦᠨ᠂ ᠦᠢᠯᠡᠴᠢᠯᠡᠭᠡ ᠵᠠᠬ᠎ᠠ ᠵᠡᠭᠡᠯᠢ ᠳᠦ ᠨᠡᠪᠲᠡᠷᠡᠵᠦ ᠡᠬᠢᠯᠡᠭᠰᠡᠨ ᠲᠡᠢ ᠬᠣᠯᠪᠣᠭ᠎ᠠ ᠲᠠᠢ ᠶᠤᠮ᠃