ᠮᠣᠩᠭᠣᠯ᠂ ᠭᠧᠷᠮᠠᠨ ᠤ ᠬᠠᠮᠲᠤ ᠶᠢᠨ ᠠᠵᠢᠯᠯᠠᠭ᠎ᠠ ᠶᠢ ᠬᠥᠭᠵᠢᠭᠦᠯᠦᠨ᠎ᠡ  | News.MN

ᠮᠣᠩᠭᠣᠯ᠂ ᠭᠧᠷᠮᠠᠨ ᠤ ᠬᠠᠮᠲᠤ ᠶᠢᠨ ᠠᠵᠢᠯᠯᠠᠭ᠎ᠠ ᠶᠢ ᠬᠥᠭᠵᠢᠭᠦᠯᠦᠨ᠎ᠡ 

ᠶᠡᠷᠦᠩᠬᠡᠢ ᠰᠠᠶᠢᠳ ᠯ ∙ ᠣᠶᠤᠨ-ᠡᠷᠳᠡᠨᠢ ᠭᠸᠷᠮᠡᠨ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠢ ᠬᠦᠯᠢᠶᠡᠨ ᠠᠪᠴᠤ ᠠᠭᠤᠯᠵᠠᠪᠠ᠃ ᠭᠸᠷᠮᠡᠨ ᠦ ᠡᠯᠴᠢᠨ ᠰᠠᠶᠢᠳ ᠮᠣᠩᠭᠣᠯ ᠤᠯᠤᠰ ᠤᠨ ᠶᠡᠷᠦᠩᠬᠡᠢ ᠰᠠᠶᠢᠳ ᠢᠶᠠᠷ ᠲᠣᠮᠢᠯᠠᠭᠳᠠᠭᠰᠠᠨ  ᠯ∙ᠣᠶᠤᠨ-ᠡᠷᠳᠡᠨᠢ ᠳᠦ ᠪᠠᠶᠠᠷ ᠬᠦᠷᠭᠡᠪᠡ᠃ ᠮᠥᠨ ᠮᠣᠩᠭᠣᠯᠴᠤᠳ ᠤᠨ ᠤᠯᠠᠮᠵᠢᠯᠠᠯᠲᠤ ᠴᠠᠭᠠᠨ ᠰᠠᠷ᠎ᠠ ᠶᠢᠨ ᠪᠠᠶᠠᠷ ᠤᠨ ᠮᠡᠨᠳᠦ ᠳᠡᠪᠰᠢᠭᠦᠯᠪᠡ᠃ ᠠᠭᠤᠯᠵᠠᠯᠲᠠ ᠶᠢᠨ ᠡᠬᠢᠨ ᠳᠦ ᠮᠠᠨ ᠤ ᠬᠣᠶᠠᠷ ᠣᠷᠣᠨ ᠤ ᠬᠠᠷᠢᠯᠴᠠᠭ᠎ᠠ ᠢᠵᠢ ᠪᠦᠷᠢᠨ ᠲᠦᠩᠰᠢᠯᠡᠯ ᠍ ᠦᠨ ᠲᠦᠪᠰᠢᠨ ᠳᠦ ᠲᠣᠭᠲᠠᠪᠤᠷᠢᠲᠠᠢ ᠬᠥᠭᠵᠢᠵᠦ ᠪᠤᠶᠢᠳᠠ ᠰᠡᠳᠬᠢᠯ ᠬᠠᠩᠭᠠᠯᠤᠭᠤᠨ ᠪᠤᠢ  ᠪᠠᠨ ᠲᠠᠯ᠎ᠠ ᠨᠤᠭᠤᠳ ᠲᠡᠮᠳᠡᠭᠯᠡᠵᠦ᠂ ᠬᠠᠷᠢᠯᠴᠠᠭᠠᠨ ᠤ ᠲᠦᠪᠰᠢᠨ ᠢᠶᠡᠨ ᠠᠬᠢᠭᠤᠯᠵᠤ᠂ ᠰᠲᠷᠠᠲ᠋ᠧᠭᠢ ᠶᠢᠨ ᠲᠦᠩᠰᠢᠯᠡᠯ ᠍ ᠳᠦ ᠬᠦᠷᠭᠡᠬᠦ ᠶᠢᠨ ᠲᠥᠯᠥᠭᠡ ᠪᠦᠬᠦ ᠲᠠᠯ᠎ᠠ ᠪᠠᠷ ᠢᠳᠡᠪᠬᠢᠲᠡᠢ ᠬᠠᠮᠲᠤᠷᠠᠵᠤ ᠠᠵᠢᠯᠯᠠᠬᠤ ᠪᠠᠨ ᠢᠯᠡᠷᠬᠡᠶᠢᠯᠡᠪᠡ᠃
ᠬᠣᠶᠠᠷ ᠣᠷᠣᠨ ᠤ ᠬᠠᠮᠲᠤ ᠶᠢᠨ ᠠᠵᠢᠯᠯᠠᠭ᠎ᠠ ᠶᠢ ᠠᠰᠢᠭᠲᠤ ᠮᠠᠯᠲᠠᠮᠠᠯ ᠲᠧᠭᠨᠣᠯᠣᠭᠢ ᠶᠢᠨ ᠰᠠᠯᠪᠤᠷᠢ ᠳᠤ ᠲᠡᠳᠦᠢ ᠦᠭᠡᠢ᠂ ᠬᠠᠷᠢᠯᠴᠠᠨ ᠰᠣᠨᠢᠷᠬᠠᠭᠰᠠᠨ ᠪᠤᠰᠤᠳ ᠴᠢᠭᠯᠡᠯ ᠢᠶᠡᠷ ᠬᠠᠮᠲᠤᠷᠠᠨ ᠬᠥᠭᠵᠢᠭᠦᠯᠬᠦ ᠪᠡᠷ ᠶᠠᠷᠢᠯᠴᠠᠪᠠ᠃ ᠵᠢᠵᠢᠭ ᠳᠤᠮᠳᠠ ᠦᠢᠯᠡᠳᠪᠦᠷᠢᠯᠡᠯ ᠢ ᠳᠡᠮᠵᠢᠬᠦ᠂ ᠭᠧᠷᠮᠠᠨ ᠤ ᠳᠡᠪᠰᠢᠯᠲᠡᠲᠦ ᠲᠧᠭᠨᠣᠯᠣᠭᠢ ᠶᠢ ᠨᠡᠪᠲᠡᠷᠡᠭᠦᠯᠬᠦ ᠵᠡᠷᠭᠡ ᠪᠡᠷ ᠥᠷᠭᠡᠵᠢᠭᠦᠯᠬᠦ ᠰᠣᠨᠢᠷᠬᠠᠯᠲᠠᠢ ᠪᠠᠶᠢᠭ᠎ᠠ ᠪᠠᠨ ᠶᠡᠷᠦᠩᠬᠡᠢ ᠰᠠᠶᠢᠳ ᠮᠡᠳᠡᠭᠳᠡᠯ᠎ᠡ᠃

ᠰᠡᠳᠬᠢᠭᠳᠡᠯ ᠦᠯᠡᠳᠡᠭᠡᠬᠦ