ᠶᠡᠬᠡ ᠪᠷᠢᠲ᠋ᠠᠨ ᠡᠯᠴᠢᠨ ᠰᠠᠶᠢᠳ ᠠᠴᠠ ᠳᠡᠮᠵᠢᠯᠭᠡ ᠬᠦᠰᠡᠯ᠎ᠡ | News.MN

ᠶᠡᠬᠡ ᠪᠷᠢᠲ᠋ᠠᠨ ᠡᠯᠴᠢᠨ ᠰᠠᠶᠢᠳ ᠠᠴᠠ ᠳᠡᠮᠵᠢᠯᠭᠡ ᠬᠦᠰᠡᠯ᠎ᠡ

 

ᠶᠡᠷᠦᠩᠬᠡᠢ ᠰᠠᠶᠢᠳ ᠯ∙ᠣᠶᠤᠨ-ᠡᠷᠳᠡᠨᠢ ᠶᠡᠬᠡ ᠪᠷᠢᠲ᠋ᠠᠨ ᠤ ᠤᠮᠠᠷᠠᠲᠤ ᠠᠢᠷᠯᠠᠨᠳ᠋ ᠍ ᠤᠨ ᠨᠢᠭᠡᠳᠦᠭᠰᠡᠨ ᠬᠠᠭᠠᠨᠲᠤ ᠤᠯᠤᠰ ᠤᠨ ᠡᠯᠴᠢᠨ ᠰᠠᠶᠢᠳ ᠹᠢᠯᠢᠫ ᠯᠠᠯᠤᠸᠠᠨ ᠢ ᠥᠨᠥᠳᠥᠷ ᠬᠦᠯᠢᠶᠡᠨ ᠠᠪᠴᠤ ᠠᠭᠤᠯᠵᠠᠯ᠎ᠠ᠃ ᠠᠭᠤᠯᠵᠠᠯᠲᠠ ᠶᠢᠨ ᠡᠬᠢᠨ ᠳᠦ᠂ ᠶᠡᠷᠦᠩᠬᠡᠢ ᠰᠠᠶᠢᠳ ᠨᠡᠶᠢᠰᠯᠡᠯ ᠳᠠᠶᠠᠭᠠᠷ ᠬᠡᠷᠡᠭᠵᠢᠭᠦᠯᠵᠦ ᠪᠤᠢ ︽ᠨᠢᠭᠡ ᠬᠠᠭᠠᠯᠭ᠎ᠠ ᠨᠢᠭᠡ ᠰᠢᠨᠵᠢᠯᠡᠭᠡ︾ ᠶᠢᠨ ᠶᠠᠪᠤᠴᠠ ᠶᠢᠨ ᠲᠠᠯ᠎ᠠ ᠪᠠᠷ ᠲᠣᠪᠴᠢ ᠮᠡᠳᠡᠭᠡᠯᠡᠯ ᠦᠭᠪᠡ᠃ ᠡᠳ᠋ ᠍ ᠦᠨ ᠵᠠᠰᠠᠭ ᠢᠶᠠᠨ ᠰᠡᠷᠭᠦᠭᠡᠬᠦ ᠵᠣᠷᠢᠯᠭ᠎ᠠ ᠪᠠᠷ ᠡᠨᠡ ᠰᠠᠷ᠎ᠠ ᠶᠢᠨ 23 ᠍ ᠤ ᠡᠳᠦᠷ ᠡᠴᠡ ᠪᠢᠽᠢᠨᠧᠰ ᠦᠨ ᠰᠠᠯᠪᠤᠷᠢ ᠪᠠᠨ ᠨᠡᠭᠡᠭᠡᠬᠦ ᠲᠡᠢ ᠵᠡᠷᠭᠡᠴᠡᠨ ᠢᠷᠭᠡᠳ ᠢᠶᠡᠨ ᠸᠠᠺᠼᠢᠨᠵᠢᠭᠤᠯᠵᠤ ᠡᠬᠢᠯᠡᠬᠦ ᠪᠡᠷ ᠲᠥᠯᠦᠪᠯᠡᠵᠦ ᠪᠠᠶᠢᠭ᠎ᠠ ᠶᠢ ᠮᠥᠨ ᠣᠨᠴᠠᠯᠠᠪᠠ᠃ ᠣᠺᠰᠹᠣᠷᠳ᠋ ᠍ ᠤᠨ︽ᠠᠰᠲᠷᠠᠽᠧᠨᠧᠺᠠ︾ᠸᠠᠺᠼᠢᠨ ᠤ 150 ᠮᠢᠩᠭᠠᠨ ᠲᠤᠩ ᠢ ᠠᠪᠬᠤ ᠪᠣᠯᠤᠭᠰᠠᠨ ᠢ ᠳᠤᠷᠠᠳᠴᠤ᠂ ᠴᠢᠨᠠᠭᠰᠢᠳᠠ ᠨᠡᠮᠡᠵᠦ ᠠᠪᠬᠤ ᠳᠤ ᠳᠡᠮᠵᠢᠯᠭᠡ ᠪᠣᠯᠬᠤ ᠶᠢ ᠬᠦᠰᠡᠪᠡ᠃ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠳᠤ ᠴᠢᠬᠤᠯᠠ ᠠᠴᠢ ᠬᠣᠯᠪᠣᠭᠳᠠᠯ ᠥᠭᠳᠡᠭ ᠭᠡᠳᠡᠭ ᠢᠶᠡᠨ ᠢᠯᠡᠷᠬᠡᠶᠢᠯᠡᠵᠦ᠂ ᠴᠢᠨᠠᠭᠰᠢᠳᠠ ᠤᠯᠠᠮ ᠥᠷᠭᠡᠵᠢᠭᠦᠯᠦᠨ ᠬᠥᠭᠵᠢᠭᠦᠯᠬᠦ ᠶᠢᠨ ᠲᠥᠯᠦᠭᠡ ᠪᠠᠶᠢᠭ᠎ᠠ ᠪᠠᠨ ᠬᠡᠯᠡᠪᠡ᠃
ᠠᠭᠤᠯᠵᠠᠯᠲᠠ ᠶᠢᠨ ᠦᠶ᠎ᠡ ᠪᠡᠷ ᠲᠡᠮᠦᠷ ᠵᠠᠮ᠂ ᠴᠠᠬᠢᠯᠭᠠᠨ ᠰᠲ᠋ᠠᠨᠼ ᠪᠦᠲᠦᠭᠡᠨ ᠪᠠᠶᠢᠭᠤᠯᠬᠤ ᠲᠠᠢ ᠬᠣᠯᠪᠣᠭ᠎ᠠ ᠲᠠᠢ ᠲᠥᠰᠥᠯ᠂ ᠬᠦᠯᠡᠮᠵᠢ ᠶᠢᠨ ᠬᠡᠢ ᠶᠢ ᠪᠠᠭᠤᠷᠠᠭᠤᠯᠵᠤ᠂ ᠰᠡᠷᠭᠦᠭᠡᠭᠳᠡᠬᠦ ᠡᠷᠴᠢᠮ ᠬᠦᠴᠦ ᠶᠢ ᠬᠥᠭᠵᠢᠭᠦᠯᠬᠦ᠂ ᠪᠣᠯᠪᠠᠰᠤᠷᠠᠯ ᠤᠨ ᠰᠠᠯᠪᠤᠷᠢ ᠶᠢᠨ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠰᠠᠨᠠᠯ ᠰᠤᠯᠢᠯᠴᠠᠪᠠ᠃ ᠲᠠᠰᠢᠷᠠᠮ ᠳᠤ ᠳᠤᠷᠠᠳᠬᠤ ᠳᠤ᠂ ᠶᠡᠷᠦᠩᠬᠡᠢ ᠰᠠᠶᠢᠳ ᠯ ∙ ᠣᠶᠤᠨ-ᠡᠷᠳᠡᠨᠢ ᠡᠨᠡ ᠰᠠᠷ᠎ᠠ ᠶᠢᠨ 17 ᠍ ᠤ ᠡᠳᠦᠷ ᠠᠮᠧᠷᠢᠺᠠ  ᠪᠣᠯᠤᠨ  ᠪᠦᠭᠦᠳᠡ ᠨᠠᠢᠷᠠᠮᠳᠠᠬᠤ ᠰᠤᠯᠤᠩᠭᠤᠰ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠡᠯᠴᠢᠨ ᠰᠠᠶᠢᠳ ᠮᠠᠶᠢᠺᠯ ᠺᠯᠧᠴᠧᠰᠺᠢ᠂ ᠯᠢ ᠶᠣ ᠬᠤᠨ ᠢ ᠬᠦᠯᠢᠶᠡᠨ ᠠᠪᠴᠤ ᠠᠭᠤᠯᠵᠠᠨ ᠸᠠᠺᠼᠢᠨ ᠬᠤᠳᠠᠯᠳᠤᠨ ᠠᠪᠬᠤ ᠳᠤ ᠳᠡᠮᠵᠢᠯᠭᠡ ᠪᠣᠯᠬᠤ ᠶᠢ ᠬᠦᠰᠡᠭᠰᠡᠨ ᠶᠤᠮ᠃

ᠰᠡᠳᠬᠢᠭᠳᠡᠯ ᠦᠯᠡᠳᠡᠭᠡᠬᠦ