ᠪᠤᠯᠠᠭᠠᠨ ᠠᠶᠢᠮᠠᠭ ᠤᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ ᠮᠣᠩᠭᠣᠯ ᠬᠦᠮᠦᠨ ᠰᠠᠨᠰᠠᠷ ᠲᠤ ᠨᠢᠰᠦᠭᠰᠡᠨ ᠦ 40 ᠵᠢᠯ ᠦᠨ ᠣᠢ ᠶᠢ ᠲᠣᠬᠢᠶᠠᠯᠳᠤᠭᠤᠯᠤᠨ ᠳᠠᠭᠤᠤ ᠪᠣᠯᠤᠨ ᠭᠠᠷ ᠵᠢᠷᠤᠭ ᠤᠨ ᠤᠷᠤᠯᠳᠤᠭᠠᠨ ᠵᠠᠷᠯᠠᠵᠠᠢ᠃ ᠠᠶᠢᠮᠠᠭ ᠤᠨ ᠨᠡᠶᠢᠲᠡ ᠰᠤᠷᠭᠠᠭᠤᠯᠢ᠂ ᠴᠡᠴᠡᠷᠯᠢᠭ ᠦᠨ ᠬᠡᠦᠬᠡᠳ ᠪᠠᠭᠠᠴᠤᠳ ᠤᠨ ᠳᠤᠮᠳᠠ ᠷ∙ ᠡᠩᠬᠡᠪᠠᠽᠠᠷ ᠤᠨ︽ᠤᠭᠲᠤᠭᠴᠢ ᠶᠢᠨ ᠳᠠᠭᠤᠤ︾ ᠶᠢ ᠬᠡᠨ ᠰᠠᠶᠢᠨ ᠳᠠᠭᠤᠯᠠᠬᠤ ᠪᠤᠢ᠂ ᠨᠠᠶᠢᠷᠠᠯ ᠳᠠᠭᠤᠤ᠂ ᠨᠠᠰᠤᠨ ᠳᠤ ᠬᠦᠷᠦᠭᠰᠡᠳ ᠦᠨ ᠳᠤᠮᠳᠠ︽ᠰᠠᠨᠰᠠᠷ ᠤᠨ ᠨᠢᠰᠬᠡᠭᠴᠢ ᠶᠢᠨ ᠡᠵᠢ ᠳᠠᠭᠤᠤ︾ ᠶᠢ ᠬᠡᠨ ᠰᠠᠶᠢᠨ ᠳᠠᠭᠤᠯᠠᠬᠤ ᠪᠤᠢ ᠤᠷᠤᠯᠳᠤᠭᠠᠨ ᠢ ᠢᠷᠡᠬᠦ ᠰᠠᠷ᠎ᠠ ᠶᠢᠨ 17 ᠬᠦᠷᠲᠡᠯ᠎ᠡ ᠵᠣᠬᠢᠶᠠᠨ ᠪᠠᠢᠭᠤᠯᠤᠨ᠎ᠠ᠃
ᠤᠷᠤᠯᠳᠤᠭᠠᠨ ᠳᠤ ᠤᠷᠤᠯᠴᠠᠭᠰᠠᠳ ᠳᠠᠭᠤᠯᠠᠭᠰᠠᠨ ᠪᠢᠴᠢᠯᠭᠡ ᠪᠡᠨ ᠪᠤᠯᠠᠭᠠᠨ ᠰᠤᠮᠤ ᠶᠢᠨ ᠰᠤᠶᠤᠯ ᠤᠨ ᠣᠷᠳᠣᠨ ᠤ ᠴᠠᠬᠢᠮ ᠬᠠᠶ᠋ᠢᠭ ᠢᠶᠠᠷ ᠢᠷᠡᠭᠦᠯᠵᠦ᠂ ᠣᠯᠠᠨ ᠨᠡᠶᠢᠲᠡ ᠳᠦ ᠰᠤᠷᠲᠠᠯᠴᠢᠯᠠᠭᠰᠠᠨ ᠪᠠᠶᠢᠬᠤ ᠶᠤᠮ᠃ ᠮᠥᠨ︽ᠰᠠᠨᠰᠠᠷ ᠤᠨ ᠶᠢᠷᠲᠢᠨᠴᠦ ᠳᠦ ᠠᠶᠠᠯᠠᠭᠰᠠᠨ ᠨᠢ︾ ᠰᠡᠳᠦᠪᠲᠦ ᠭᠠᠷ ᠵᠢᠷᠤᠭ ᠤᠨ ᠤᠷᠤᠯᠳᠤᠭᠠᠨ ᠢ ᠰᠤᠷᠭᠠᠭᠤᠯᠢ ᠶᠢᠨ 5-9 ᠠᠩᠬᠢ ᠶᠢᠨ ᠰᠤᠷᠤᠭᠴᠢᠳ ᠤᠨ ᠳᠤᠮᠳᠠ ᠵᠠᠷᠯᠠᠯ᠎ᠠ᠃ ᠰᠤᠷᠤᠭᠴᠢᠳ ᠪᠦᠲᠦᠭᠡᠯ ᠢᠶᠡᠨ ᠠᠶᠢᠮᠠᠭ ᠤᠨ ᠪᠣᠯᠪᠠᠰᠤᠷᠠᠯ᠂ ᠰᠤᠶᠤᠯ ᠤᠷᠠᠯᠢᠭ ᠤᠨ ᠭᠠᠵᠠᠷ ᠲᠤ ᠢᠷᠡᠭᠦᠯᠬᠦ ᠶᠤᠮ ᠪᠠᠶᠢᠨ᠎ᠠ᠃
ᠲᠤᠰ ᠠᠶᠢᠮᠠᠭ ᠡᠨᠡ ᠵᠢᠯ ᠡᠴᠡ ᠡᠬᠢᠯᠡᠨ︽ᠪᠠᠬᠠᠷᠬᠠᠯ ᠤᠨ ᠡᠳᠦᠷ︾᠍ ᠲᠡᠢ ᠪᠣᠯᠤᠭᠰᠠᠨ ᠪᠥᠭᠡᠳ ᠲᠡᠭᠦᠨ ᠦ ᠨᠢᠭᠡ ᠨᠢ ᠮᠣᠩᠭᠣᠯ ᠬᠦᠮᠦᠨ ᠰᠠᠨᠰᠠᠷ ᠲᠤ ᠨᠢᠰᠦᠭᠰᠡᠨ ᠡᠳᠦᠷ ᠶᠤᠮ᠃