ᠪᠠᠶᠠᠨᠬᠣᠩᠭᠣᠷ ᠠᠶᠢᠮᠠᠭ ᠲᠤ ᠡᠰᠰᠸ ᠪᠢᠴᠢᠯᠭᠡ ᠶᠢᠨ ᠤᠷᠤᠯᠳᠤᠭᠠᠨ ᠪᠤᠯᠤᠨ᠎ᠠ | News.MN

ᠪᠠᠶᠠᠨᠬᠣᠩᠭᠣᠷ ᠠᠶᠢᠮᠠᠭ ᠲᠤ ᠡᠰᠰᠸ ᠪᠢᠴᠢᠯᠭᠡ ᠶᠢᠨ ᠤᠷᠤᠯᠳᠤᠭᠠᠨ ᠪᠤᠯᠤᠨ᠎ᠠ

ᠮᠣᠩᠭᠣᠯ ᠤᠯᠤᠰ ᠲᠤ ᠣᠷᠴᠢᠨ ᠴᠠᠭ ᠤᠨ ᠵᠡᠪᠰᠡᠭᠲᠦ ᠬᠦᠴᠦᠨ ᠡᠭᠦᠰᠦᠨ ᠪᠠᠢᠭᠤᠯᠤᠭᠳᠠᠭᠰᠠᠨ ᠤ 100 ᠵᠢᠯ᠂ ᠪᠠᠲᠤᠯᠠᠨ ᠬᠠᠮᠠᠭᠠᠯᠠᠬᠤ ᠠᠰᠠᠭᠤᠳᠠᠯ ᠡᠷᠬᠢᠯᠡᠭᠰᠡᠨ ᠲᠥᠷᠥ ᠶᠢᠨ ᠵᠠᠬᠢᠷᠭᠠᠨ ᠤ ᠪᠠᠶᠢᠭᠤᠯᠤᠯᠭ᠎ᠠ ᠪᠠᠢᠭᠤᠯᠤᠭᠳᠠᠭᠰᠠᠨ  ᠤ 110 ᠵᠢᠯ ᠦᠨ ᠣᠢ ᠶᠢᠨ ᠬᠦᠷᠢᠶᠡᠨ ᠳᠦ ᠪᠠᠶᠠᠨᠬᠣᠩᠭᠣᠷ ᠠᠶᠢᠮᠠᠭ ᠤᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ ᠍ ᠤᠨ ᠴᠡᠷᠢᠭ ᠦᠨ ᠱᠲ᠋ᠠᠪ ᠠᠴᠠ ᠤᠷᠤᠯᠳᠤᠭᠠᠨ ᠵᠠᠷᠯᠠᠯ᠎ᠠ᠃ ᠲᠤᠰ ᠠᠯᠪᠠᠨ ᠠᠴᠠ︽ᠡᠷᠬᠢᠮ ᠦᠨ ᠳᠡᠭᠡᠳᠦ ᠡᠷ᠎ᠡ ᠬᠦᠮᠦᠨ︾ᠡᠰᠰᠸ ᠪᠢᠴᠢᠯᠭᠡ ᠶᠢᠨ ᠤᠷᠤᠯᠳᠤᠭᠠᠨ ᠤ ᠲᠡᠷᠢᠭᠦᠨ ᠪᠠᠶᠢᠷᠢ ᠶᠢ 300 ᠮᠢᠩᠭᠠᠨ ᠲᠥᠭᠥᠷᠢᠭ᠂ ᠳᠡᠳ᠋ ᠪᠠᠶᠢᠷᠢ ᠶᠢ 250 ᠮᠢᠩᠭᠠᠨ ᠲᠥᠭᠥᠷᠢᠭ᠂ ᠭᠤᠲᠠᠭᠠᠷ ᠪᠠᠶᠢᠷᠢ ᠶᠢ 200 ᠮᠢᠩᠭᠠᠨ ᠲᠥᠭᠥᠷᠢᠭ ᠢᠶᠡᠷ ᠱᠠᠩᠨᠠᠬᠤ ᠪᠣᠯ︽ᠮᠣᠩᠭᠣᠯ ᠤᠯᠤᠰ ᠤᠨ ᠵᠡᠪᠰᠡᠭᠲᠦ ᠬᠦᠴᠦᠨ – 100︾ ᠭᠠᠷ ᠵᠢᠷᠤᠭ ᠤᠨ ᠤᠷᠤᠯᠳᠤᠭᠠᠨ ᠢ ᠮᠥᠨ ᠬᠡᠮᠵᠢᠶᠡᠨ ᠦ ᠱᠠᠩᠨᠠᠯ ᠢᠶᠠᠷ ᠱᠠᠩᠨᠠᠨ᠎ᠠ᠃
ᠬᠠᠷᠢᠨ ︽ᠡᠬᠡ ᠣᠷᠣᠨ ᠤ ᠪᠠᠨ ᠲᠥᠯᠥᠭᠡ ᠵᠢᠳᠬᠦᠶ᠎ᠡ︾ᠭᠡᠷᠡᠯ ᠵᠢᠷᠤᠭ ᠤᠨ ᠤᠷᠤᠯᠳᠤᠭᠠᠨ ᠤ ᠬᠡᠦᠬᠡᠳ ᠦᠨ ᠨᠠᠰᠤᠨ ᠤ ᠠᠩᠭᠢᠯᠠᠯ︵5-12 ᠳ᠋ᠤᠭᠠᠷ ᠠᠩᠭᠢ︶ ᠨᠢᠭᠡᠳᠦᠭᠡᠷ ᠪᠠᠶᠢᠷᠢ 400 ᠮᠢᠩᠭᠠᠨ ᠲᠥᠭᠥᠷᠢᠭ᠂ ᠬᠣᠶᠠᠳᠤᠭᠠᠷ ᠪᠠᠶᠢᠷᠢ 350 ᠮᠢᠩᠭᠠᠨ ᠲᠥᠭᠥᠷᠢᠭ᠂ ᠭᠤᠷᠪᠠᠳᠤᠭᠠᠷ ᠪᠠᠶᠢᠷᠢ 300 ᠮᠢᠩᠭᠠᠨ ᠲᠥᠭᠥᠷᠢᠭ ᠦᠨ ᠱᠠᠩᠨᠠᠯ ᠲᠠᠢ᠃ ᠨᠠᠰᠤᠨ ᠳᠤ ᠬᠦᠷᠦᠭᠰᠡᠳ ᠦᠨ ᠠᠩᠭᠢᠯᠠᠯ ᠨᠢ 1.2 ᠰᠠᠶ᠎ᠠ ᠲᠥᠭᠥᠷᠢᠭ ᠦᠨ ᠱᠠᠩᠨᠠᠯ ᠤᠨ ᠰᠠᠩ ᠲᠠᠢ ᠶᠤᠮ ᠪᠠᠶᠢᠨ᠎ᠠ᠃ ᠲᠡᠭᠦᠨ ᠡᠴᠡ ᠭᠠᠳᠠᠨ᠎ᠠ︽ᠴᠡᠷᠢᠭ᠂ ᠡᠬᠡ ᠣᠷᠣᠨ ᠤ ᠰᠡᠳᠦᠪᠲᠦ ᠳᠠᠭᠤᠤ ᠶᠢ ᠬᠡᠨ ᠰᠠᠶᠢᠨ ᠳᠠᠭᠤᠯᠠᠬᠤ ᠪᠤᠢ︾ᠤᠷᠤᠯᠳᠤᠭᠠᠨ ᠢ ᠵᠠᠷᠯᠠᠭᠰᠠᠨ ᠪᠥᠭᠡᠳ ᠲᠡᠷᠢᠭᠦᠨ ᠪᠠᠶᠢᠷᠢ 800 ᠮᠢᠩᠭᠠᠨ ᠲᠥᠭᠥᠷᠢᠭ᠂ ᠤᠳᠠᠭᠠᠬᠢ ᠪᠠᠶᠢᠷᠢ ᠨᠤᠭᠤᠳ 600 ᠮᠢᠩᠭᠠᠨ ᠲᠥᠭᠥᠷᠢᠭ᠂ 400 ᠮᠢᠩᠭᠠᠨ ᠲᠥᠭᠥᠷᠢᠭ ᠦᠨ ᠱᠠᠩᠨᠠᠯ ᠢ ᠬᠦᠷᠲᠡᠬᠦ ᠶᠤᠮ᠃

ᠰᠡᠳᠬᠢᠭᠳᠡᠯ ᠦᠯᠡᠳᠡᠭᠡᠬᠦ