ᠭᠤᠪᠢᠰᠦ᠋ᠮᠪᠤᠷ ᠠᠶᠢᠮᠠᠭ ᠬᠥᠯ ᠪᠥᠮᠪᠥᠭᠡ ᠶᠢᠨ ᠰᠫᠣᠷᠲ ᠢ ᠬᠥᠭᠵᠢᠭᠦᠯᠵᠦ ᠪᠠᠶᠢᠨ᠎ᠠ  | News.MN

ᠭᠤᠪᠢᠰᠦ᠋ᠮᠪᠤᠷ ᠠᠶᠢᠮᠠᠭ ᠬᠥᠯ ᠪᠥᠮᠪᠥᠭᠡ ᠶᠢᠨ ᠰᠫᠣᠷᠲ ᠢ ᠬᠥᠭᠵᠢᠭᠦᠯᠵᠦ ᠪᠠᠶᠢᠨ᠎ᠠ 

 

ᠮᠣᠩᠭᠣᠯ ᠤᠨ ᠬᠥᠯ ᠪᠥᠮᠪᠥᠭᠡ ᠶᠢᠨ ᠬᠣᠯᠪᠣᠭ᠎ᠠ 21 ᠠᠶᠢᠮᠠᠭ ᠤᠨ ᠬᠥᠯ ᠪᠥᠮᠪᠥᠭᠡ ᠶᠢᠨ ᠬᠣᠯᠪᠣᠭᠠᠳ ᠤᠨ ᠦᠢᠯᠡ ᠠᠵᠢᠯᠯᠠᠭ᠎ᠠ ᠪᠣᠯᠤᠨ ᠬᠡᠷᠡᠭᠵᠢᠭᠦᠯᠵᠦ ᠪᠠᠶᠢᠭ᠎ᠠ ᠠᠵᠢᠯ ᠤᠨ ᠲᠠᠯ᠎ᠠ ᠪᠠᠷ ᠴᠤᠪᠤᠷᠠᠯ ᠢᠶᠠᠷ ᠲᠠᠨᠢᠯᠴᠠᠭᠤᠯᠵᠤ ᠪᠠᠶᠢᠨ᠎ᠠ᠃ ᠡᠨᠡ ᠤᠳᠠᠭ᠎ᠠ ᠬᠦᠮᠦᠨ ᠠᠮᠠ ᠶᠢᠨ ᠲᠣᠭ᠎ᠠ ᠪᠠᠷ ᠬᠠᠮᠤᠭ ᠤᠨ ᠪᠠᠭ᠎ᠠ᠂ ᠭᠠᠵᠠᠷ ᠨᠤᠲᠤᠭ ᠤᠨ ᠬᠡᠮᠵᠢᠶ᠎ᠡ ᠪᠡᠷ  ᠭᠤᠷᠪᠠᠳᠤᠭᠠᠷ ᠲᠤ ᠤᠷᠤᠬᠤ ᠭᠤᠪᠢᠰᠦ᠋ᠮᠪᠤᠷ ᠠᠶᠢᠮᠠᠭ ᠤᠨ ᠬᠥᠯ ᠪᠥᠮᠪᠥᠭᠡ ᠶᠢᠨ ᠬᠣᠯᠪᠣᠭ᠎ᠠ ᠶᠢ ᠲᠠᠨᠢᠯᠴᠠᠭᠤᠯᠤᠶ᠎ᠠ᠃ ᠭᠤᠪᠢᠰᠦ᠋ᠮᠪᠤᠷ ᠠᠶᠢᠮᠠᠭ ᠤᠨ ᠬᠥᠯ ᠪᠥᠮᠪᠥᠭᠡ ᠶᠢᠨ ᠬᠣᠯᠪᠣᠭ᠎ᠠ 2014 ᠣᠨ ᠳᠤ ᠪᠠᠶᠢᠭᠤᠯᠤᠭᠳᠠᠭᠰᠠᠨ ᠪᠥᠭᠡᠳ ᠲᠡᠷᠢᠭᠦᠨ ᠢᠶᠡᠷ ᠨᠢ ᠴ ∙ ᠪᠠᠲᠤᠵᠢᠷᠭᠠᠯ ᠠᠵᠢᠯᠯᠠᠳᠠᠭ᠃ ᠠᠽᠢᠶ᠎ᠠ ᠶᠢᠨ ᠬᠥᠯ ᠪᠥᠮᠪᠥᠭᠡ ᠶᠢᠨ ᠬᠣᠯᠪᠣᠭ᠎ᠠ  ᠶᠢᠨ c ᠵᠡᠷᠭᠡᠯᠡᠯ ᠦᠨ ᠰᠢᠭᠦᠭᠴᠢ ᠪ ∙ ᠪᠤᠶᠠᠨᠲᠠᠣᠭᠲᠤᠬᠤ᠂ ᠳ ∙ ᠫᠦᠷᠪᠦᠨᠢᠮ᠎ᠠ᠂ ᠡ᠊ ∙ ᠡᠷᠬᠢᠮᠪᠠᠭᠠᠲᠤᠷ ᠨᠠᠷ ᠡᠨᠡ ᠨᠤᠲᠤᠭ ᠤᠨ ᠢᠷᠭᠡᠳ ᠪᠥᠭᠡᠳ ᠣᠷᠣᠨ ᠨᠤᠲᠤᠭ ᠤᠨ ᠳᠠᠰᠬᠠᠯᠵᠢᠭᠤᠯᠤᠭᠴᠢ ᠪᠠᠷ ᠭ ∙ ᠵᠣᠷᠢᠭᠲᠤᠪᠠᠭᠠᠲᠤᠷ ᠠᠵᠢᠯᠯᠠᠵᠤ ᠪᠠᠶᠢᠨ᠎ᠠ᠃ ᠲᠤᠰ ᠠᠶᠢᠮᠠᠭ ᠤᠨ ᠪᠡᠶ᠎ᠡ ᠶᠢᠨ ᠲᠠᠮᠢᠷ ᠰᠫᠤᠷᠲ ᠤᠨ ᠭᠠᠵᠠᠷ ᠰᠦᠮᠪᠦᠷ ᠰᠤᠮᠤ ᠶᠢᠨ 5 ᠳ᠋ᠤᠭᠠᠷ ᠰᠤᠷᠭᠠᠭᠤᠯᠢ ᠶᠢ ᠲᠦᠰᠢᠭᠯᠡᠨ ᠬᠥᠯ ᠪᠥᠮᠪᠥᠭᠡ᠂ ᠹᠦᠲᠤᠽᠠᠯ ᠤᠨ ᠰᠤᠷᠭᠠᠯᠲᠠ ᠳᠠᠰᠬᠠᠯᠵᠢᠭᠤᠯᠤᠯᠲᠠ ᠪᠠᠨ 4 ᠨᠠᠰᠤᠨ ᠤ ᠠᠩᠭᠢᠯᠠᠯ ᠢᠶᠠᠷ ᠰᠫᠣᠷᠲ ᠤᠨ ᠰᠧᠺᠼ ᠦᠨ ᠬᠡᠯᠪᠡᠷᠢ ᠪᠡᠷ ᠠᠮᠵᠢᠯᠲᠠᠲᠠᠢ ᠵᠣᠬᠢᠶᠠᠨ ᠪᠠᠶᠢᠭᠤᠯᠵᠤ ᠪᠠᠶᠢᠭ᠎ᠠ ᠶᠤᠮ᠃
ᠣᠷᠣᠨ ᠨᠤᠲᠤᠭ ᠲᠤ ᠪᠠᠨ ᠬᠥᠯ ᠪᠥᠮᠪᠥᠭᠡ᠂ ᠹᠦᠲᠤᠽᠠᠯ ᠤᠨ ᠲᠥᠷᠥᠯ ᠢᠶᠡᠷ ᠥᠰᠪᠦᠷᠢ ᠦᠶ᠎ᠡ᠂ ᠢᠳᠡᠷᠴᠦᠳ ᠦᠨ ᠠᠶᠢᠮᠠᠭ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ᠂ ᠠᠶᠢᠮᠠᠭ ᠤᠨ ᠬᠡᠦᠬᠡᠳ ᠦᠨ ᠰᠫᠣᠷᠲ ᠤᠨ︽ᠪᠠᠭ᠎ᠠ ᠣᠯᠢᠮᠫ︾ᠨᠠᠭᠠᠳᠤᠮ ᠤᠨ ᠲᠡᠮᠡᠴᠡᠭᠡᠨ᠂ ᠨᠠᠰᠤᠨ ᠳᠤ ᠬᠦᠷᠦᠭᠰᠡᠳ ᠦᠨ ᠠᠶᠢᠮᠠᠭ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠢ ᠵᠢᠯ ᠪᠦᠷᠢ ᠵᠣᠬᠢᠶᠠᠨ ᠪᠠᠶᠢᠭᠤᠯᠳᠠᠭ ᠤᠯᠠᠮᠵᠢᠯᠠᠯ ᠲᠣᠭᠲᠠᠵᠠᠢ᠃ ᠭᠤᠪᠢᠰᠦ᠋ᠮᠪᠤᠷ ᠠᠶᠢᠮᠠᠭ ᠤᠨ ᠰᠢᠭᠰᠢᠭᠡ ᠪᠠᠭ 2014 ᠣᠨ ᠠᠴᠠ ᠪᠥᠰᠡ ᠶᠢᠨ ᠪᠣᠯᠤᠨ ᠤᠯᠤᠰ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠳᠦ ᠲᠣᠭᠲᠠᠮᠠᠯ ᠣᠷᠣᠯᠴᠠᠵᠤ ᠪᠠᠶᠢᠨ᠎ᠠ᠃

ᠰᠡᠳᠬᠢᠭᠳᠡᠯ ᠦᠯᠡᠳᠡᠭᠡᠬᠦ