Lilgun ᠪᠠᠭ ᠣᠯᠠᠨ ᠤᠯᠤᠰ ᠤᠨ ᠲᠡᠮᠡᠴᠡᠭᠡᠨ ᠳᠦ ᠲᠦᠷᠦᠭᠦᠯᠡᠯ᠎ᠡ  | News.MN

Lilgun ᠪᠠᠭ ᠣᠯᠠᠨ ᠤᠯᠤᠰ ᠤᠨ ᠲᠡᠮᠡᠴᠡᠭᠡᠨ ᠳᠦ ᠲᠦᠷᠦᠭᠦᠯᠡᠯ᠎ᠡ 

 

Valve ᠍ ᠡᠴᠡ ᠵᠣᠬᠢᠶᠠᠨ ᠪᠠᠶᠢᠭᠤᠯᠳᠠᠭ DPC ᠣᠨᠣᠭᠣᠨ ᠤ ᠲᠥᠯᠦᠭᠡᠬᠢ ᠲᠡᠮᠡᠴᠡᠭᠡᠨ ᠦ ᠠᠽᠢᠶ᠎ᠠ ᠶᠢᠨ ᠪᠥᠰᠡ ᠶᠢᠨ ᠳᠤᠤᠷᠠᠳᠤ ᠱᠠᠲᠤᠨ ᠳᠤ ᠥᠷᠢᠰᠦᠯᠳᠦᠭᠰᠡᠨ ᠮᠣᠩᠭᠣᠯ ᠤᠨ Lilgun ᠪᠠᠭ ᠲᠠᠪᠤᠨ ᠢᠯᠠᠯᠲᠠ᠂ ᠬᠣᠶᠠᠷ ᠢᠯᠠᠭᠳᠠᠯ ᠭᠡᠰᠡᠨ ᠠᠮᠵᠢᠯᠲᠠ ᠲᠠᠢ ᠪᠠᠷ ᠲᠤᠰ ᠲᠡᠮᠡᠴᠡᠭᠡᠨ ᠳᠦ ᠲᠡᠷᠢᠭᠦᠨ ᠪᠠᠶᠢᠷᠢ ᠡᠵᠡᠯᠡᠨ 17000 ᠳ᠋ᠣᠯᠯᠠᠷ ᠤᠨ ᠱᠠᠩᠨᠠᠯ ᠪᠣᠯᠤᠨ ᠢᠷᠡᠬᠦ ᠤᠯᠠᠷᠢᠯ ᠤᠨ ᠲᠡᠮᠡᠴᠡᠭᠡᠨ ᠳᠦ ᠳᠡᠭᠡᠳᠦ ᠱᠠᠲᠤᠨ ᠳᠤ ᠦᠷᠢᠰᠦᠯᠳᠦᠬᠦ ᠡᠷᠬᠡ ᠶᠢᠨ ᠡᠵᠡᠨ ᠪᠣᠯᠤᠯ᠎ᠠ᠃
︽ᠳᠣᠲ᠋ᠠ-2︾ᠴᠠᠬᠢᠮ ᠲᠣᠭᠯᠠᠭᠠᠮ ᠤᠨ ᠲᠥᠷᠥᠯ ᠢᠶᠡᠷ ᠵᠣᠬᠢᠶᠠᠨ ᠪᠠᠶᠢᠭᠤᠯᠤᠭᠳᠠᠳᠠᠭ ᠲᠤᠰ ᠲᠡᠮᠡᠴᠡᠭᠡᠨ ᠰᠠᠷ᠎ᠠ ᠭᠠᠷᠤᠢ ᠶᠢᠨ ᠬᠤᠭᠤᠴᠠᠭᠠᠨ ᠳᠤ ᠦᠷᠭᠦᠯᠵᠢᠯᠡᠭᠰᠡᠨ ᠶᠤᠮ᠃ ᠲᠠᠰᠢᠷᠠᠮ ᠳᠤ  ᠳᠤᠭᠤᠯᠭᠠᠬᠤ ᠳᠤ᠂ Valve ᠺᠣᠷᠫᠣᠷᠠᠼ ᠤᠨ ᠵᠣᠬᠢᠶᠠᠨ ᠪᠦᠲᠦᠭᠡᠭᠰᠡᠨ ︽ᠳᠣᠲ᠋ᠠ-2︾ᠲᠣᠭᠯᠠᠭᠠᠮ ᠠᠩᠬ᠎ᠠ 2013 ᠣᠨ ᠤ ᠳᠣᠯᠣᠳᠤᠭᠠᠷ ᠰᠠᠷ᠎ᠠ ᠳᠤ ᠨᠡᠭᠡᠭᠡᠯᠲᠡ ᠪᠡᠨ ᠬᠢᠭᠰᠡᠨ ᠪᠥᠭᠡᠳ ᠳᠡᠯᠡᠬᠡᠢ ᠳᠠᠶᠠᠭᠠᠷ ᠣᠯᠠᠨ ᠵᠠᠭᠤᠨ ᠰᠠᠶ᠎ᠠ ᠴᠠᠬᠢᠮ ᠰᠫᠣᠷᠲ ᠰᠣᠨᠢᠷᠬᠠᠭᠴᠢᠳ ᠲᠤᠰ ᠲᠣᠭᠯᠠᠭᠠᠮ ᠢ ᠲᠣᠭᠯᠠᠳᠠᠭ᠃

ᠰᠡᠳᠬᠢᠭᠳᠡᠯ ᠦᠯᠡᠳᠡᠭᠡᠬᠦ