︽ᠬᠣᠩᠭᠣᠷ ᠨᠤᠲᠤᠭ ᠤᠨ ᠬᠥᠭᠵᠢᠯ ᠦᠨ ᠭᠠᠷᠴᠠ᠂ ᠰᠢᠢᠳᠦᠯ︾ᠰᠡᠳᠦᠪᠲᠦ ᠤᠷᠤᠯᠳᠤᠭᠠᠨ ᠢ ᠪᠠᠶᠠᠨᠬᠣᠩᠭᠣᠷ ᠠᠶᠢᠮᠠᠭ ᠤᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ ᠠᠴᠠ ᠵᠣᠬᠢᠶᠠᠨ ᠪᠠᠶᠢᠭᠤᠯᠵᠤ ᠪᠤᠢ ᠲᠠᠯ᠎ᠠ ᠪᠠᠷ ᠪᠢᠳᠡ ᠮᠡᠳᠡᠭᠡᠯᠡᠭᠰᠡᠨ᠃ ᠲᠡᠭᠡᠪᠡᠯ ᠬᠣᠩᠭᠣᠷ ᠨᠤᠲᠤᠭ ᠤᠨ ᠬᠥᠭᠵᠢᠯ ᠦᠨ ᠬᠡᠲᠦ ᠶᠢᠨ ᠪᠣᠳᠣᠯᠭ᠎ᠠ ᠶᠢ ᠢᠷᠭᠡᠳ ᠣᠯᠠᠨ ᠨᠡᠶᠢᠲᠡ ᠶᠢᠨ ᠣᠷᠣᠯᠴᠠᠭ᠎ᠠ ᠲᠠᠢ ᠪᠠᠷ ᠲᠣᠳᠣᠷᠬᠠᠶᠢᠯᠠᠬᠤ᠂ ᠲᠡᠳᠡᠨ ᠦ ᠰᠢᠨ᠎ᠡ ᠰᠠᠨᠠᠭ᠎ᠠ᠂ ᠰᠢᠨᠡᠯᠢᠭ ᠪᠦᠲᠦᠭᠡᠯ ᠢ ᠰᠢᠯᠭᠠᠷᠠᠭᠤᠯᠵᠤ᠂ ᠤᠷᠮᠠᠰᠢᠭᠤᠯᠬᠤ ᠵᠣᠷᠢᠯᠭ᠎ᠠ ᠲᠠᠢ ᠢᠯᠡᠳᠬᠡᠯ ᠦᠨ ᠤᠷᠤᠯᠳᠤᠭᠠᠨ ᠳᠤ ᠢᠷᠡᠭᠦᠯᠦᠭᠰᠡᠨ 25 ᠪᠦᠲᠦᠭᠡᠯ ᠡᠴᠡ ᠰᠢᠯᠢᠳᠡᠭ ᠦᠳ ᠢ ᠰᠢᠯᠭᠠᠷᠠᠭᠤᠯᠵᠠᠢ᠃
ᠠᠵᠢᠯ ᠤᠨ ᠬᠡᠰᠡᠭ ᠢᠷᠡᠭᠰᠡᠨ ᠢᠯᠡᠳᠬᠡᠯ᠂ ᠰᠠᠨᠠᠭᠠᠴᠢᠯᠠᠭ᠎ᠠ ᠨᠤᠭᠤᠳ ᠢ ᠣᠷᠣᠨ ᠨᠤᠲᠤᠭ ᠲᠤ ᠬᠡᠷᠡᠭᠵᠢᠬᠦ ᠪᠣᠯᠤᠮᠵᠢ ᠲᠠᠢ ᠡᠰᠡᠬᠦ᠂ ᠭᠠᠷᠴᠠ᠂ ᠭᠠᠷᠭᠠᠯᠭ᠎ᠠ ᠶᠢ ᠬᠡᠷᠬᠢᠨ ᠢᠯᠡᠳᠬᠡᠯ ᠳᠦ ᠰᠢᠢᠳᠪᠦᠷᠢᠯᠡᠭᠰᠡᠨ ᠲᠠᠯ᠎ᠠ ᠪᠠᠷ ᠭᠣᠣᠯᠯᠠᠨ ᠠᠩᠬᠠᠷᠴᠤ ᠲᠡᠷᠢᠭᠦᠨ ᠪᠠᠶᠢᠷᠢ ᠡᠵᠡᠯᠡᠬᠦ ᠢᠯᠡᠳᠬᠡᠯ ᠢᠷᠡᠭᠦᠯᠦᠭᠡ ᠦᠭᠡᠢ ᠭᠡᠵᠦ ᠳ᠋ᠦᠩᠨᠡᠭᠡᠳ᠂ ᠭᠤᠷᠪᠠᠳᠤᠭᠠᠷ ᠪᠠᠶᠢᠷᠢ ᠳᠤ ᠭᠤᠷᠪᠠᠨ ᠢᠯᠡᠳᠬᠡᠯ ᠢ ᠰᠢᠯᠭᠠᠷᠠᠭᠤᠯᠤᠭᠰᠠᠨ ᠪᠠᠶᠢᠨ᠎ᠠ᠃
ᠤᠷᠤᠯᠳᠤᠭᠠᠨ ᠤ ᠦᠨᠡᠯᠡᠭᠡ ᠪᠡᠷ᠂ ᠪ∙ᠠᠮᠤᠭᠤᠯᠠᠩᠪᠠᠶᠠᠷ︽ᠨᠠᠷᠠᠨ ᠤ ᠡᠷᠴᠢᠮ ᠬᠦᠴᠦ ᠶᠢ ᠠᠰᠢᠭᠯᠠᠨ ᠮᠤᠲ᠋ᠤᠷᠲᠤ ᠬᠤᠳᠳᠤᠭ ᠤᠨ ᠪᠧᠨ᠋ᠽᠢᠨ ᠵᠠᠷᠤᠴᠠᠭᠤᠯᠤᠯᠲᠠ᠂ ᠭᠠᠷ ᠬᠤᠳᠳᠤᠭ ᠢ ᠬᠦᠮᠦᠨ ᠦ ᠬᠦᠴᠦ ᠪᠡᠷ ᠠᠵᠢᠯᠯᠠᠬᠤ ᠶᠢ ᠬᠠᠯᠠᠵᠤ᠂ ᠪᠣᠭᠣᠨᠢ ᠬᠡᠮᠵᠢᠶᠡᠨ ᠦ ᠤᠰᠤ ᠭᠠᠷᠭᠠᠬᠤ ᠨᠢ︾ᠰᠡᠳᠦᠪᠲᠦ ᠢᠯᠡᠳᠬᠡᠯ᠂ ᠰ∙ᠪᠠᠶᠠᠷᠮᠠᠩᠨᠠᠢ ︽ᠬᠥᠳᠡᠭᠡ ᠠᠵᠤ ᠠᠬᠤᠢ ᠶᠢᠨ ᠺᠯᠠᠰᠲ᠋ᠸᠷ︾ᠰᠡᠳᠦᠪᠲᠦ ᠢᠯᠡᠳᠬᠡᠯ᠂ ᠳ∙ᠪᠠᠲᠤᠳᠡᠯᠭᠡᠷ︽ᠪᠠᠶᠠᠨᠬᠣᠩᠭᠣᠷ ᠤᠤ᠂ ᠡᠰᠡᠪᠡᠯ ᠪᠠᠶᠠᠨᠬᠣᠩᠭᠣᠷ ᠬᠣᠲᠠ ᠤᠤ︾ᠰᠡᠳᠦᠪᠲᠦ ᠢᠯᠡᠳᠬᠡᠯ ᠲᠤᠰ ᠲᠤᠰ ᠰᠢᠯᠭᠠᠷᠠᠵᠠᠢ᠃