ᠰᠲ᠋ᠠᠲ᠋ᠢᠰᠲ᠋ᠢᠺ ᠤᠨ  ᠬᠢᠨ ᠮᠣᠩᠭᠣᠯ ᠪᠢᠴᠢᠭ ᠰᠤᠷᠴᠤ ᠪᠠᠶᠢᠨ᠎ᠠ  | News.MN

ᠰᠲ᠋ᠠᠲ᠋ᠢᠰᠲ᠋ᠢᠺ ᠤᠨ  ᠬᠢᠨ ᠮᠣᠩᠭᠣᠯ ᠪᠢᠴᠢᠭ ᠰᠤᠷᠴᠤ ᠪᠠᠶᠢᠨ᠎ᠠ 

ᠭᠤᠪᠢᠰᠦ᠋ᠮᠪᠤᠷ ᠠᠶᠢᠮᠠᠭ ᠤᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ᠍ ᠤᠨ ᠰᠲ᠋ᠠᠲ᠋ᠢᠰᠲ᠋ᠢᠺ ᠤᠨ ᠬᠡᠯᠲᠡᠰ ᠦᠨ ᠬᠠᠮᠲᠤ ᠣᠯᠠᠨ ᠬᠠᠭᠤᠴᠢᠨ ᠮᠣᠩᠭᠣᠯ ᠪᠢᠴᠢᠭ ᠢᠶᠡᠨ ᠰᠤᠷᠴᠤ᠂ ᠡᠳᠦᠷ ᠲᠤᠲᠤᠮ ᠤᠨ ᠬᠡᠷᠡᠭᠯᠡᠭᠡ ᠪᠣᠯᠭᠠᠬᠤ ᠪᠠᠷ ᠰᠠᠨᠠᠭᠠᠴᠢᠯᠭ᠎ᠠ ᠭᠠᠷᠭᠠᠵᠠᠢ᠃ ᠬᠡᠯᠲᠡᠰ ᠦᠨ ᠠᠵᠢᠯᠲᠠᠳ ᠡᠨᠡ ᠣᠨ ᠤ ᠡᠬᠢᠨ ᠡᠴᠡ ᠡᠬᠢᠯᠡᠨ ᠪᠠᠰᠠᠩ ᠭᠠᠷᠠᠭ ᠪᠦᠷᠢ ᠦᠨᠳᠦᠰᠦᠨ ᠦ ᠪᠢᠴᠢᠭ ᠢᠶᠡᠷ ᠢᠶᠡᠨ ᠤᠩᠰᠢᠯᠭ᠎ᠠ ᠵᠣᠬᠢᠶᠠᠨ ᠪᠠᠶᠢᠭᠤᠯᠵᠤ᠂ ᠳᠠᠰᠬᠠᠯ ᠠᠵᠢᠯᠯᠠᠳᠠᠭ ᠪᠣᠯᠤᠭᠰᠠᠨ ᠲᠡᠳᠦᠢ ᠦᠭᠡᠢ 14 ᠬᠣᠨᠣᠭ ᠲᠤ ᠨᠢᠭᠡ ᠤᠳᠠᠭ᠎ᠠ ᠬᠠᠭᠤᠯᠤᠨ ᠪᠢᠴᠢᠯᠭᠡ ᠬᠢᠳᠡᠭ ᠠᠵᠠᠢ᠃ ᠬᠡᠯᠲᠡᠰ ᠦᠨ ᠠᠬᠠᠯᠠᠬᠤ ᠠᠵᠢᠯᠲᠠᠨ ᠪ ∙ ᠨᠠᠷᠠᠨᠲᠤᠶᠠᠭ᠎ᠠ ᠪᠤᠰᠤᠳ ᠢᠶᠠᠨ ᠤᠷᠢᠶᠠᠯᠠᠨ ᠮᠣᠩᠭᠣᠯ ᠪᠢᠴᠢᠭ ᠢᠶᠡᠨ ᠰᠤᠷᠬᠤ ᠠᠵᠢᠯ ᠢ ᠵᠣᠬᠢᠶᠠᠨ ᠪᠠᠶᠢᠭᠤᠯᠳᠠᠭ ᠪᠥᠭᠡᠳ ᠵᠣᠷᠢᠭᠤᠯᠤᠯᠲᠠ ᠶᠢᠨ ᠳᠡᠪᠲᠡᠷ᠂ ᠰᠠᠮᠪᠠᠷ᠎ᠠ᠂ ᠵᠠᠷᠢᠮ ᠰᠤᠷᠬᠤ ᠪᠢᠴᠢᠭ ᠬᠤᠳᠠᠯᠳᠤᠨ ᠠᠪᠴᠠᠢ᠃
ᠬᠡᠯᠲᠡᠰ ᠦᠨ ᠠᠵᠢᠯᠲᠠᠳ ᠤᠨ ᠡᠨᠡ ᠣᠨ ᠤ ᠭᠤᠷᠪᠠᠳᠤᠭᠠᠷ ᠰᠠᠷ᠎ᠠ ᠶᠢᠨ 5 ᠍ ᠤ ᠮᠢᠨᠦ᠋ᠲ ᠤᠨ ᠤᠩᠰᠢᠯᠭ᠎ᠠ ᠶᠢᠨ ᠳᠤᠮᠳᠠᠴᠢ ᠬᠤᠷᠳᠤ 52 ᠦᠭᠡ ᠪᠠᠶᠢᠭ᠎ᠠ ᠨᠢ ᠡᠮᠦᠨᠡᠬᠢ ᠳᠣᠯᠣᠭ᠎ᠠ ᠬᠣᠨᠣᠭ ᠤᠨ ᠪᠠᠰᠠᠩ ᠭᠠᠷᠠᠭ ᠠᠴᠠ ᠲᠠᠪᠤᠨ ᠦᠭᠡ ᠪᠡᠷ ᠠᠬᠢᠭᠰᠠᠨ ᠠᠮᠵᠢᠯᠲᠠ ᠲᠠᠢ ᠪᠠᠶᠢᠨ᠎ᠠ ᠭᠡᠵᠦ ᠲᠡᠷᠡ ᠪᠡᠷ ᠬᠡᠯᠡᠭᠰᠡᠨ ᠶᠤᠮ᠃

ᠰᠡᠳᠬᠢᠭᠳᠡᠯ ᠦᠯᠡᠳᠡᠭᠡᠬᠦ